内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠵᠠᠰᠠᠭ ᠤᠨ ᠣᠷᠳᠣᠨ ᠤ ᠠᠵᠢᠯ ᠤᠨ ᠢᠯᠡᠳᠬᠡᠯ
        ᠨᠡᠶᠢᠲᠡᠯᠡᠭᠰᠡᠨ ᠴᠠᠭ᠄
        2023/3/17
        ᠵᠠᠰᠠᠭ ᠤᠨ ᠣᠷᠳᠣᠨ ᠤ ᠠᠵᠢᠯ ᠤᠨ ᠢᠯᠡᠳᠬᠡᠯ                            — 2023 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ                                               ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ   ᠯᠢ ᠺᠧ ᠴᠢᠶᠠᠩ ᠲᠥᠯᠥᠭᠡᠯᠡᠭᠴᠢᠳ ᠠ᠋ ᠄      ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠤᠳᠠᠯ ᠦᠭᠡᠢ ᠳᠠᠭᠤᠰᠬᠤ ᠭᠡᠵᠦ ᠪᠠᠶᠢᠨ᠎ᠠ ᠃ ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ ᠂ ᠬᠢᠨᠠᠨ ᠶᠠᠷᠢᠯᠴᠠᠬᠤ ᠪᠣᠯᠪᠠ ᠤᠤ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ ᠃      ᠨᠢᠭᠡ ᠂ ᠥᠩᠭᠡᠷᠡᠭᠰᠡᠨ ᠨᠢᠭᠡ ᠵᠢᠯ ᠪᠠ ᠲᠠᠪᠤᠨ ᠵᠢᠯ ᠤᠨ ᠠᠵᠢᠯ ᠤᠨ ᠡᠷᠭᠢᠴᠡᠭᠦᠯᠦᠯ      2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠨᠢᠭᠡ ᠵᠢᠯ ᠪᠣᠯᠣᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠰᠥᠪ ᠢ ᠵᠢᠷᠤᠭᠯᠠᠪᠠ ᠃ ᠰᠠᠯᠬᠢ ᠳᠠᠪᠠᠯᠭᠠᠨ ᠶᠡᠬᠡᠲᠡᠢ ᠣᠯᠠᠨ ᠤᠯᠤᠰ ᠤᠨ ᠣᠷᠴᠢᠨ ᠨᠥᠬᠦᠴᠡᠯ ᠪᠣᠯᠣᠨ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ ᠂ ᠬᠢᠵᠢᠭ ᠢ ᠰᠡᠷᠭᠡᠶᠢᠯᠡᠵᠦ ᠴᠢᠳᠠᠬᠤ ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠂ ᠠᠮᠤᠷ ᠲᠦᠪᠰᠢᠨ ᠢᠶᠠᠷ ᠬᠥᠭᠵᠢᠭᠦᠯᠬᠦ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠢᠶᠠᠷ ᠶᠠᠪᠤᠭᠳᠠᠭᠤᠯᠬᠤ ᠂ ᠬᠥᠭᠵᠢᠯᠲᠡ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠭᠦ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠶᠢ ᠪᠡᠶᠡᠯᠡᠭᠦᠯᠦᠭᠡᠳ ᠂ ᠮᠠᠨ ᠤ ᠤᠯᠤᠰ ᠤᠨ ᠬᠥᠭᠵᠢᠯᠲᠡ ᠲᠤᠶᠢᠯ ᠤᠨ ᠭᠢᠯᠪᠠᠷ ᠪᠤᠰᠤ ᠰᠢᠨ᠎ᠡ ᠠᠮᠵᠢᠯᠲᠠ ᠪᠦᠲᠦᠮᠵᠢ ᠶᠢ ᠣᠯᠪᠠ ᠃      ᠥᠩᠭᠡᠷᠡᠭᠰᠡᠨ ᠨᠢᠭᠡ ᠵᠢᠯ ᠳᠤ ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠬᠢᠵᠢᠭ ᠤᠨ ᠪᠠᠶᠢᠳᠠᠯ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠤᠯᠠᠨ ᠳᠠᠪᠬᠤᠷ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠳᠤ ᠤᠴᠠᠷᠠᠪᠠ ᠃ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ ᠂ ᠸᠢᠷᠦ᠋ᠰ ᠤᠨ ᠬᠤᠪᠢᠷᠠᠯᠲᠠ ᠪᠣᠯᠣᠨ ᠬᠢᠵᠢᠭ ᠢ ᠰᠡᠷᠭᠡᠶᠢᠯᠡᠬᠦ ᠪᠠᠶᠢᠳᠠᠯ ᠢ ᠦᠨᠳᠦᠰᠦᠯᠡᠨ ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠪᠠ ᠃ ᠠᠵᠤ ᠠᠬᠤᠢ ᠶᠢᠨ ᠰᠢᠨ᠎ᠡ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ ᠂ ᠡᠷᠡᠰ ᠰᠢᠭᠤᠷᠬᠠᠢ ᠪᠠᠷ ᠠᠷᠭᠠᠴᠠᠭᠠᠨ ᠂ ᠴᠠᠭ ᠲᠤᠬᠠᠢ ᠳᠤᠨᠢ ᠲᠣᠬᠢᠷᠠᠭᠤᠯᠤᠨ ᠡᠵᠡᠮᠳᠡᠵᠦ ᠂ ᠣᠷᠴᠢᠮ ᠤᠨ ᠵᠢᠯ ᠳᠤ ᠨᠥᠭᠡᠴᠡᠯᠡᠭᠰᠡᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ ᠂ ᠨᠢᠭᠡᠨᠲᠡ ᠲᠣᠭᠲᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠷᠢᠳᠴᠢᠯᠠᠨ ᠬᠡᠷᠡᠭᠵᠢᠭᠦᠯᠵᠦ ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠤᠶᠢᠪᠢᠰᠢ ᠦᠭᠡᠢ ᠠᠬᠢᠭᠤᠯᠤᠨ ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ᠪᠣᠯᠣᠨ ᠵᠠᠯᠭᠠᠮᠵᠢ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠠᠵᠢᠯ ᠢ ᠪᠠᠶᠢᠷᠢᠯᠠᠭᠤᠯᠤᠨ ᠂ ᠣᠷᠣᠨ ᠨᠤᠲᠤᠭ ᠤᠨ ᠬᠢᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠵᠢᠯᠤᠭᠤᠳᠬᠤ ᠪᠠ ᠲᠡᠭᠦᠨ ᠳᠤ ᠦᠢᠯᠡᠴᠢᠯᠡᠬᠦ ᠪᠠᠨ ᠴᠢᠩᠭᠠᠳᠬᠠᠵᠤ ᠂ ᠡᠯ᠎ᠡ ᠭᠠᠵᠠᠷ ᠤᠨ ᠬᠢᠨ ᠤ ᠲᠥᠷᠥ ᠶᠢᠨ ᠪᠣᠳᠣᠯᠭ᠎ᠠ ᠶᠢᠨ ᠳᠠᠯᠳᠠ ᠬᠦᠴᠦᠨ ᠢ ᠠᠭᠤᠳᠠᠯᠬᠤ ᠪᠠᠷ ᠳᠡᠮᠵᠢᠨ ᠂ ᠠᠵᠤ ᠠᠬᠤᠢ ᠶᠢᠨ ᠲᠣᠮᠣ ᠮᠤᠵᠢ ᠶᠢᠨ ᠵᠣᠷᠢᠭᠲᠠᠢ ᠪᠠᠷ ᠬᠦᠨᠳᠦ ᠡᠭᠦᠷᠭᠡ ᠡᠭᠦᠷᠭᠡᠯᠡᠬᠦ ᠶᠢ ᠳᠠᠮᠵᠢᠵᠤ ᠂ ᠨᠡᠮᠡᠭᠳᠡᠯ ᠢ ᠲᠣᠭᠲᠠᠭᠤᠨ ᠪᠠᠶᠢᠯᠭᠠᠬᠤ ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠶᠢ ᠲᠣᠪᠤᠶᠢᠯᠭᠠᠨ ᠂ ᠠᠵᠤ ᠠᠬᠤᠢ ᠶᠢᠨ ᠲᠣᠭᠲᠠᠪᠤᠷᠢᠵᠢᠨ ᠰᠡᠷᠭᠦᠨ ᠳᠡᠭᠡᠭᠰᠢᠯᠡᠬᠦ ᠶᠢ ᠠᠬᠢᠭᠤᠯᠪᠠ ᠃ ᠪᠦᠭᠦ ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 3% ᠪᠠᠷ ᠨᠡᠮᠡᠭᠳᠡᠵᠦ ᠂ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1206 ᠲᠦᠮᠡ ᠰᠢᠨ᠎ᠡ ᠪᠠᠷ ᠨᠡᠮᠡᠭᠳᠡᠵᠦ ᠂ ᠵᠢᠯ ᠤᠨ ᠡᠴᠦᠰ ᠤᠨ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ 5.5% ᠪᠤᠯᠲᠠᠯ᠎ᠠ ᠪᠠᠭᠤᠷᠠᠵᠤ ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 2% ᠢᠶᠠᠷ ᠥᠰᠪᠡ ᠃ ᠡᠳ᠋ ᠪᠠᠷᠠᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 7.7% ᠪᠠᠷ ᠨᠡᠮᠡᠭᠳᠡᠪᠡ ᠃ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ 2.8% ᠪᠠᠷ ᠬᠢᠵᠠᠭᠠᠷᠯᠠᠵᠤ ᠂ ᠲᠥᠪ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠥᠰᠥᠪ ᠲᠤ ᠨᠡᠶᠢᠴᠡᠵᠦ ᠂ ᠵᠠᠷᠤᠯᠭ᠎ᠠ ᠵᠢᠭᠠᠬᠠᠨ ᠦᠯᠡᠳᠡᠪᠦᠷᠢ ᠲᠠᠢ ᠪᠣᠯᠪᠠ ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠᠶᠢᠵᠤ ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠪᠦᠭᠦ ᠪᠥᠮᠪᠥᠷᠴᠡᠭ ᠤᠨ ᠭᠤᠣᠯ ᠭᠤᠣᠯ ᠵᠣᠭᠤᠰᠤᠨ ᠤ ᠳᠣᠲᠣᠷ᠎ᠠ ᠬᠠᠷᠢᠴᠠᠩᠭᠤᠢ ᠪᠠᠷ ᠲᠣᠭᠲᠠᠭᠤᠨ ᠪᠠᠶᠢᠨ᠎ᠠ ᠃ ᠠᠮᠤ ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ ᠂ 74 ᠳ᠋ᠦᠩᠰᠢᠭᠤᠷ ᠵᠢᠩ ᠨᠡᠮᠡᠭᠳᠡᠪᠡ ᠃ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ ᠃ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ ᠂ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠣᠷᠴᠢᠨ ᠨᠥᠬᠦᠴᠡᠯ ᠳᠤ ᠪᠦᠭᠦ ᠵᠢᠯ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ ᠂ ᠮᠠᠨ ᠤ ᠤᠯᠤᠰ ᠤᠨ ᠠᠵᠤ ᠠᠬᠤᠢ ᠡᠷᠡᠰ ᠴᠢᠩᠭ᠎ᠠ ᠤᠶᠠᠨ ᠬᠠᠳᠠᠨ ᠴᠢᠨᠠᠷ ᠢᠶᠠᠨ ᠢᠯᠡᠷᠡᠭᠦᠯᠦᠭᠰᠡᠨ ᠪᠠᠶᠢᠨ᠎ᠠ ᠃       ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠰᠢᠷᠦᠭᠦᠰᠦᠭᠰᠡᠨ ᠪᠠᠶᠢᠳᠠᠯ ᠳᠤ ᠴᠢᠭᠯᠡᠭᠦᠯᠦᠨ ᠂ ᠬᠦᠴᠢᠷᠳᠡᠯ ᠢ ᠨᠢ ᠰᠢᠢᠳᠪᠦᠷᠢᠯᠡᠨ ᠳᠡᠮᠵᠢᠭᠦ ᠡᠷᠴᠢᠮ ᠢᠶᠠᠨ ᠴᠢᠩᠭᠠᠷᠠᠭᠤᠯᠪᠠ ᠃ ᠬᠢᠵᠢᠭ ᠤᠨ ᠪᠠᠶᠢᠳᠠᠯ ᠵᠡᠷᠭᠡ ᠬᠦᠴᠦᠨ ᠵᠦᠢᠯ ᠤᠨ ᠳᠠᠭᠠᠷᠢᠯᠲᠠ ᠠᠴᠠ ᠪᠣᠯᠵᠤ ᠂ ᠴᠥᠭᠡᠨ ᠪᠤᠰᠤ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠣᠨᠴᠠᠭᠠᠶ ᠬᠦᠴᠢᠷᠳᠡᠯ ᠳᠤ ᠲᠤᠯᠭᠠᠷᠠᠪᠠ ᠃ ᠪᠦᠭᠦ ᠵᠢᠯ ᠳᠤ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠲᠤᠭ᠎ᠠ 2.4 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠲᠤᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠭᠠᠶᠢᠯᠢ ᠰᠦᠢᠳᠬᠡᠯ ᠢ ᠬᠤᠶᠢᠰᠢᠯᠠᠭᠤᠯᠤᠭᠰᠠᠨ ᠲᠤᠭ᠎ᠠ 7500 ᠭᠠᠷᠤᠢ ᠳ᠋ᠦᠩᠰᠢᠭᠤᠷ ᠲᠥᠭᠦᠷᠢᠭ ᠲᠤ ᠭᠦᠷᠪᠡ ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠲᠡᠢ ᠳᠡᠮᠵᠢᠭᠦ ᠶᠢᠨ ᠲᠥᠯᠥᠭᠡ ᠂ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠬᠦ ᠪᠠᠨ ᠶᠡᠭᠡ ᠪᠠᠷ ᠨᠡᠮᠡᠭᠳᠡᠭᠦᠯᠪᠡ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠶᠢ ᠨᠢ ᠨᠡᠮᠡᠭᠳᠡᠭᠦᠯᠦᠨ ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠵᠤ ᠂ ᠰᠢᠨ᠎ᠡ ᠪᠠᠷ ᠲᠠᠯᠪᠢᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠶᠢ ᠪᠦᠷᠢᠳᠬᠡᠯ ᠲᠠᠢ ᠪᠣᠯᠤᠭᠰᠠᠨ ᠠᠴᠠ ᠨᠠᠭᠠᠰᠢᠬᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠤᠨ ᠂ ᠬᠢᠵᠢᠭ ᠲᠤ ᠬᠦᠨᠳᠦ ᠨᠣᠴᠢᠲᠠᠢ ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠠ ᠢᠳᠡᠭᠡᠨ ᠤᠮᠳᠠᠭᠠᠨ ᠂ ᠵᠢᠭᠤᠯᠴᠢᠯᠠᠯ ᠂ ᠪᠠᠷᠠᠭ᠎ᠠ ᠲᠡᠭᠡᠭᠡᠪᠦᠷᠢ ᠵᠡᠷᠭᠡ ᠳᠤ ᠵᠢᠭᠡᠯᠡᠯᠭᠡ ᠶᠢᠨ ᠡᠬᠡ ᠬᠦᠦ ᠶᠢ ᠬᠤᠶᠢᠰᠢᠯᠠᠭᠤᠯᠤᠨ ᠲᠦᠯᠦᠭᠦ ᠶᠢ ᠱᠠᠲᠤ ᠦᠶᠡᠴᠢ ᠴᠢᠨᠠᠷᠲᠠᠢ ᠪᠠᠷ ᠬᠡᠷᠡᠭᠵᠢᠭᠦᠯᠵᠦ ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠬᠦᠦ ᠮᠥᠩᠭᠦ ᠶᠢ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ ᠃ ᠥᠭᠡᠷᠡᠴᠢᠯᠡᠯᠲᠡ ᠶᠢᠨ ᠠᠷᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ ᠃ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠶᠢᠳᠡᠮ ᠳᠡᠭᠡᠨ ᠠᠰᠢᠭ ᠭᠦᠷᠲᠡᠪᠡ ᠃      ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠲᠣᠪᠣᠶᠢᠮ᠎ᠠ ᠵᠥᠷᠢᠴᠡᠯ ᠳᠤ ᠴᠢᠭᠯᠡᠭᠦᠯᠦᠨ ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠣᠷᠣᠭᠤᠯᠤᠯᠲᠠ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠪᠠ ᠃ ᠨᠢᠳᠤᠨᠤᠨ ᠡᠴᠦᠰ ᠤᠨ ᠬᠡᠷᠡᠭᠯᠡᠭᠡ ᠰᠢᠭᠤᠳ ᠳᠠᠭᠠᠷᠢᠯᠲᠠ ᠳᠤ ᠤᠴᠠᠷᠠᠵᠤ ᠂ ᠪᠡᠯᠡ ᠣᠷᠣᠭᠤᠯᠤᠯᠲᠠ ᠴᠤ ᠨᠥᠯᠥᠭᠡᠯᠡᠭᠳᠡᠪᠡ ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠡᠰᠡᠭ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠤᠷᠢᠳᠴᠢᠯᠠᠨ ᠬᠡᠷᠡᠭᠵᠢᠭᠦᠯᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ ᠂ ᠲᠤᠰᠬᠠᠢ ᠵᠦᠢᠯ ᠤᠨ ᠥᠭᠴᠡᠭᠡ ᠶᠢᠨ ᠲᠠᠰᠤᠯᠤᠨ ᠪᠤᠳᠤᠬᠰᠠᠨ ᠦᠯᠡᠳᠡᠪᠦᠷᠢ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭ ᠪᠣᠯᠭᠠᠨ ᠰᠠᠶᠢᠲᠤᠷ ᠬᠡᠷᠡᠭᠯᠡᠵᠦ ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠬᠤᠶᠠᠷ ᠬᠤᠭᠤᠴᠠᠭ᠎ᠠ ᠬᠤᠪᠢᠶᠠᠨ 7400 ᠳ᠋ᠦᠩᠰᠢᠭᠤᠷ ᠲᠥᠭᠦᠷᠢᠭ ᠲᠠᠯᠪᠢᠨ ᠂ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠳᠤ ᠬᠥᠷᠥᠩᠭᠡ ᠮᠥᠩᠭᠦ ᠨᠥᠬᠦᠪᠦᠷᠢᠯᠡᠪᠡ ᠃ ᠲᠤᠰᠬᠠᠢ ᠵᠦᠢᠯ ᠤᠨ ᠳᠠᠭᠢᠨ ᠵᠢᠭᠡᠯᠡᠯᠭᠡ ᠥᠭᠬᠦ᠂ ᠡᠳ᠋ ᠤᠨ ᠵᠠᠰᠠᠭ ᠠᠴᠠ ᠳᠡᠮ ᠬᠦᠦ ᠮᠥᠩᠭᠦ ᠥᠭᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠯᠡᠨ ᠂ ᠭᠤᠣᠯᠳᠠᠯᠭ᠎ᠠ ᠲᠠᠢ ᠬᠦᠷᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠳᠠᠮᠵᠢᠪᠡ ᠃ ᠬᠠᠮᠲᠤᠷᠠᠨ ᠠᠵᠢᠯᠯᠠᠬᠤ ᠂ ᠣᠷᠣᠨ ᠨᠤᠲᠤᠭ ᠠᠴᠠ ᠠᠮᠠᠯᠠᠬᠤ ᠵᠡᠷᠭᠡ ᠠᠷᠭ᠎ᠠ ᠶᠢ ᠠᠪᠴᠤ ᠂ ᠲᠥᠰᠥᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ ᠃ ᠪᠦᠭᠦ ᠵᠢᠯ ᠳᠤ ᠰᠠᠭᠤᠷᠢ ᠲᠥᠬᠦᠭᠡᠷᠦᠮᠵᠢ ᠂ ᠦᠢᠯᠡᠳᠭᠦ ᠦᠢᠯᠡᠰ ᠤᠨ ᠪᠡᠯᠡ ᠣᠷᠣᠭᠤᠯᠤᠯᠲᠠ ᠲᠣᠰ ᠲᠣᠰ 9.4% ᠂ 9.1% ᠪᠠᠷ ᠨᠡᠮᠡᠭᠳᠡᠨ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠳᠠᠶᠢᠴᠢᠯᠠᠨ 5.1% ᠪᠠᠷ ᠨᠡᠮᠡᠭᠳᠡᠭᠦᠯᠵᠦ ᠂ ᠬᠡᠷᠡᠭᠯᠡᠭᠡ ᠪᠠᠭᠠᠰᠤᠭᠰᠠᠨ ᠳᠤᠲᠠᠭᠤᠳᠠᠯ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡ ᠃ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠢ ᠬᠥᠭᠵᠢᠭᠦᠯᠵᠦ ᠂ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠤᠨ ᠂ ᠰᠢᠨ᠎ᠡ ᠡᠨᠧᠷᠭᠢ ᠶᠢᠨ ᠰᠣᠷᠪᠤᠯᠵᠢ ᠬᠡᠷᠡᠭᠯᠡᠬᠦ ᠮᠠᠰᠢᠨ ᠲᠡᠷᠭᠡᠨ ᠤ ᠪᠣᠷᠤᠯᠠᠭᠤᠯᠭ᠎ᠠ 93.4% ᠪᠠᠷ ᠨᠡᠮᠡᠭᠳᠡᠵᠦ ᠂ ᠨᠣᠭᠤᠭᠠᠨ ᠣᠶᠤᠨᠯᠢᠭ ᠭᠡᠷ ᠤᠨ ᠴᠠᠭᠢᠯᠭᠠᠨ ᠬᠡᠷᠡᠭᠰᠡᠯ ᠂ ᠨᠣᠭᠤᠭᠠᠨ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠦᠨ ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠪᠠ ᠃ ᠮᠥᠩᠭᠦᠨ ᠭᠦᠢᠯᠭᠡᠭᠡ ᠪᠠᠷ ᠳᠡᠮᠵᠢᠭᠦ ᠠᠷᠭ᠎ᠠ ᠬᠡᠮᠵᠢᠶ᠎ᠡ ᠶᠢ ᠨᠡᠶᠢᠲᠡᠯᠡᠨ ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ ᠂ ᠬᠤᠳᠠᠯᠳᠤᠨ ᠠᠪᠤᠭᠰᠠᠨ ᠣᠷᠣᠨ ᠰᠠᠭᠤᠴᠠ ᠶᠢ ᠭᠡᠷ᠎ᠡ ᠶᠣᠰᠣᠭᠠᠷ ᠲᠤᠰᠢᠶᠠᠨ ᠥᠭᠴᠦ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ ᠂ ᠠᠵᠢᠯᠴᠢᠨ ᠬᠡᠷᠡᠭᠯᠡᠬᠦ ᠂ ᠡᠳ᠋ ᠪᠠᠷᠠᠭᠠᠨ ᠤ ᠭᠦᠢᠯᠭᠡᠭᠡ ᠵᠡᠷᠭᠡ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ ᠂ ᠭᠠᠷᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ ᠰᠢᠢᠳᠪᠦᠷᠢᠯᠡᠨ ᠂ ᠡᠳ᠋ ᠪᠠᠷᠠᠭ᠎ᠠ ᠶᠢᠨ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠵᠢᠱᠢᠯᠲᠡ ᠠᠴᠠ ᠰᠠᠶᠢᠨ ᠪᠠᠶᠢᠵᠤ ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠲᠣᠭᠲᠠᠭᠤᠨ ᠢᠶᠠᠷ ᠨᠡᠮᠡᠭᠳᠡᠪᠡ ᠃      ᠠᠵᠢᠯ ᠣᠯᠭᠤᠯᠲᠠ ᠶᠢᠨ ᠳᠠᠷᠤᠯᠲᠠ ᠲᠣᠪᠣᠶᠢᠮ᠎ᠠ ᠪᠣᠯᠤᠭᠰᠠᠨ ᠪᠠᠶᠢᠳᠠᠯ ᠳᠤ ᠴᠢᠭᠯᠡᠭᠦᠯᠦᠨ ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠪᠠ ᠃ ᠨᠢᠳᠤᠨᠤᠨ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠨᠢᠭᠡ ᠦᠶ᠎ᠡ ᠢᠯᠡᠳᠲᠡ ᠳᠡᠭᠡᠭᠰᠢᠯᠡᠪᠡ ᠃ ᠡᠳ᠋ ᠤᠨ ᠵᠠᠰᠠᠭ ᠭᠠᠶᠢᠯᠢ ᠂ ᠮᠥᠩᠭᠦᠨ ᠭᠦᠢᠯᠭᠡᠭᠡ ᠂ ᠪᠡᠯᠡ ᠣᠷᠣᠭᠤᠯᠤᠯᠲᠠ ᠵᠡᠷᠭᠡ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠡᠩ ᠴᠢᠬᠤᠯᠠᠴᠢᠯᠠᠪᠠ ᠃ ᠬᠦᠴᠢᠷᠳᠡᠯ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠵᠤ ᠪᠤᠯᠬᠤ ᠶᠢ ᠬᠡᠷᠡᠭᠵᠢᠭᠦᠯᠦᠨ ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠶᠢ ᠨᠡᠮᠡᠭᠳᠡᠭᠦᠯᠪᠡ ᠃ ᠲᠠᠭᠠᠭᠠᠯᠲᠠᠲᠤ ᠵᠢᠭᠡᠯᠡᠯᠭᠡ ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠠᠳᠠᠯ ᠦᠢᠯᠡᠰ ᠴᠣᠭᠴᠠᠯᠠᠬᠤ ᠶᠢ ᠳᠡᠮᠵᠢᠭᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠲᠣᠪᠣᠶᠢᠮ᠎ᠠ ᠰᠠᠶᠢᠲᠤᠷ ᠬᠢᠵᠦ ᠂ ᠠᠵᠢᠯ ᠣᠯᠬᠤ ᠳᠤ ᠬᠦᠴᠢᠷᠲᠡᠢ ᠬᠥᠮᠥᠰ ᠢ ᠲᠤᠰᠬᠠᠢ ᠵᠦᠢᠯ ᠢᠶᠠᠷ ᠬᠠᠪᠰᠤᠷᠤᠨ ᠲᠡᠳᠭᠦᠭᠦ ᠶᠢ ᠥᠷᠨᠢᠭᠦᠯᠪᠡ ᠃ ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠪᠡ ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3200 ᠲᠦᠮᠡᠨ ᠬᠥᠮᠥᠨ ᠢ ᠳᠠᠪᠠᠵᠤ ᠂ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠪᠡ ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ ᠃      ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠠᠪᠤᠳᠠᠯ ᠬᠡᠴᠡᠭᠦᠳᠡᠭᠰᠡᠨ ᠠᠴᠠ ᠪᠣᠯᠤᠭᠰᠠᠨ ᠨᠥᠯᠥᠭᠡ ᠳᠤ ᠴᠢᠭᠯᠡᠭᠦᠯᠦᠨ ᠂ ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠪᠠᠷ ᠭᠤᠣᠯᠳᠠᠯᠭ᠎ᠠ ᠪᠣᠯᠭᠠᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠪᠡ ᠃ ᠨᠢᠳᠤᠨᠤᠨ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠠᠪᠤᠳᠠᠯ 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷᠴᠡ ᠳᠤ ᠬᠦᠷᠴᠦ ᠂ ᠤᠯᠤᠰ ᠤᠨ ᠳᠣᠲᠣᠭᠠᠳᠤ ᠶᠢᠨ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠳᠤ ᠨᠡᠯᠢᠶᠡᠳ ᠶᠡᠭᠡ ᠳᠠᠷᠤᠯᠲᠠ ᠤᠴᠠᠷᠠᠭᠤᠯᠪᠠ ᠃ ᠪᠢᠳᠡ ᠦᠶᠡᠷ ᠤᠰᠤᠲᠤᠯ ᠂ ᠭᠠᠩ ᠬᠠᠭᠰᠠᠷᠠᠭᠠᠨ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠠᠷᠭᠠᠴᠠᠵᠤ᠂ ᠲᠠᠷᠢᠶᠠᠯᠠᠬᠤ ᠴᠠᠭ ᠢ ᠰᠠᠭᠠᠲᠠᠭᠠᠯ ᠦᠭᠡᠢ ᠪᠠᠷ ᠠᠮᠤ ᠪᠤᠳᠠᠭ᠎ᠠ ᠲᠠᠷᠢᠬᠤ ᠪᠠ ᠬᠤᠷᠢᠶᠠᠬᠤ ᠶᠢ ᠰᠢᠮᠳᠠᠭᠤᠯᠤᠨ ᠠᠳᠬᠤᠵᠤ ᠂ ᠲᠠᠷᠢᠶᠠᠯᠠᠩ ᠤᠨ ᠮᠠᠰᠢᠨ ᠤ ᠨᠡᠪᠲᠡᠷᠡᠯᠲᠡ ᠶᠢ ᠰᠢᠪᠠᠳᠠᠨ ᠵᠣᠬᠢᠴᠠᠭᠤᠯᠵᠤ ᠂ ᠲᠠᠷᠢᠶᠠᠯᠠᠩ ᠤᠨ ᠶᠠᠪᠤᠳᠠᠯ ᠤᠨ ᠠᠵᠢᠯᠯᠠᠭᠠᠨ ᠤ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠭᠤᠷᠪᠠᠨ ᠪᠦᠯᠦᠭ ᠬᠤᠪᠢᠶᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠣᠯᠭᠤᠵᠤ ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠪᠠ ᠃ ᠨᠡᠭᠦᠷᠡᠰᠦᠨ ᠤ ᠭᠤᠣᠯ ᠴᠣᠭᠴᠠ ᠡᠨᠧᠷᠭᠢ ᠶᠢᠨ ᠰᠤᠷᠪᠤᠯᠵᠢ ᠪᠤᠯᠬᠤ ᠦᠢᠯᠡᠳᠦᠯ ᠢ ᠪᠠᠳᠠᠷᠠᠭᠤᠯᠤᠨ ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ ᠂ ᠴᠠᠭᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠶᠢᠯᠠᠯ ᠢ ᠳᠡᠮᠵᠢᠭᠦ ᠡᠷᠴᠢᠮ ᠢ ᠴᠢᠩᠭᠠᠷᠠᠭᠤᠯᠤᠨ ᠂ ᠡᠨᠧᠷᠭᠢ ᠶᠢᠨ ᠰᠤᠷᠪᠤᠯᠵᠢ ᠶᠢᠨ ᠬᠡᠪ ᠤᠨ ᠬᠠᠩᠭᠠᠯᠭ᠎ᠠ ᠶᠢ ᠪᠠᠲᠤᠯᠠᠪᠠ ᠃ ᠪᠦᠭᠦ ᠪᠥᠮᠪᠥᠷᠴᠡᠭ ᠤᠨ ᠵᠣᠭᠤᠰ ᠶᠡᠭᠡ ᠪᠠᠷ ᠮᠠᠭᠤᠳᠠᠭᠰᠠᠨ ᠠᠬᠤᠢ ᠪᠠᠶᠢᠳᠠᠯ ᠳᠣᠣᠷ᠎ᠠ ᠂ ᠮᠠᠨ ᠤ ᠤᠯᠤᠰ ᠤᠨ ᠪᠠᠷᠠᠭᠠᠨ ᠤ ᠦᠨ᠎ᠡ ᠨᠡᠯᠢᠶᠡᠳ ᠳᠣᠣᠷ᠎ᠠ ᠲᠦᠪᠰᠢᠨ ᠢᠶᠠᠨ ᠪᠠᠲᠤᠯᠠᠵᠤ ᠴᠢᠳᠠᠭᠰᠠᠨ ᠨᠢ ᠨᠡᠩ ᠴᠦ ᠠᠮᠠᠷ ᠦᠭᠡᠢ ᠶᠠᠪᠤᠳᠠᠯ ᠶᠤᠮ ᠃      ᠬᠡᠰᠡᠭ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠨᠡᠮᠡᠭᠳᠡᠭᠰᠡᠨ ᠪᠠᠶᠢᠳᠠᠯ ᠳᠤ ᠴᠢᠭᠯᠡᠭᠦᠯᠦᠨ ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠪᠠ ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠱᠠᠲᠤ ᠦᠶᠡᠴᠢ ᠴᠢᠨᠠᠷᠲᠠᠢ ᠪᠠᠷ ᠥᠷᠭᠡᠳᠬᠡᠵᠦ ᠂ ᠨᠠᠩ ᠣᠯᠠᠨ ᠬᠦᠴᠢᠷᠳᠡᠯ ᠲᠠᠢ ᠬᠠᠮᠲᠤᠯᠢᠭ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ ᠃ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ ᠂ ᠨᠡᠶᠢᠲᠡ 1000 ᠭᠠᠷᠤᠢ ᠲᠦᠮᠡᠨ ᠠᠵᠢᠯ ᠠᠯᠳᠠᠭᠰᠠᠨ ᠬᠥᠮᠥᠰ ᠲᠤ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠣᠯᠭᠤᠪᠠ ᠃ ᠨᠠᠩ ᠣᠯᠠᠨ ᠣᠷᠣᠯᠭ᠎ᠠ ᠪᠠᠭᠠᠲᠠᠢ ᠣᠯᠠᠨ ᠲᠦᠮᠡᠨ ᠳᠤ ᠦᠨ᠎ᠡ ᠬᠠᠩᠰᠢ ᠶᠢᠨ ᠨᠥᠬᠦᠪᠦᠷᠢ ᠣᠯᠭᠤᠵᠤ ᠂ ᠪᠠᠷᠤᠭ 6700 ᠲᠦᠮᠡᠨ ᠬᠥᠮᠥᠨ ᠳᠤ ᠠᠰᠢᠭ ᠬᠦᠷᠲᠡᠭᠡᠪᠡ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠠᠮᠢᠳᠤᠷᠠᠯ  ᠨᠢ ᠬᠦᠴᠢᠷᠲᠡᠢ ᠰᠤᠷᠤᠬᠴᠢᠳ ᠤᠨ 2022 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠦᠭᠰᠡᠨ ᠤ ᠬᠠᠮᠲᠤ ᠡᠬᠡ ᠮᠥᠩᠭᠦ ᠶᠢ ᠨᠢ ᠬᠤᠶᠢᠰᠢᠯᠠᠭᠤᠯᠤᠨ ᠪᠤᠴᠠᠭᠠᠵᠤ ᠪᠤᠯᠬᠤ ᠶᠢ ᠵᠥᠪᠰᠢᠶᠡᠷᠡᠪᠡ ᠃ ᠬᠢᠵᠢᠭ ᠪᠠ ᠭᠠᠮᠰᠢᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ ᠂ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ ᠱᠤᠭᠤᠮ ᠢ ᠦᠨᠡᠨ ᠬᠦ ᠪᠠᠲᠤ ᠰᠠᠬᠢᠪᠠ ᠃      ᠡᠭᠦᠨ ᠤ ᠬᠠᠮᠲᠤ ᠂ ᠪᠢᠳᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠵᠥᠪᠰᠢᠶᠡᠷᠡᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠶᠣᠰᠣᠭᠠᠷ ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠪᠠ ᠃ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ ᠂ ᠣᠳᠣᠬᠠᠨ ᠳᠤ ᠬᠡᠷᠡᠭᠯᠡᠭᠡ ᠶᠢᠨ ᠬᠡᠷᠡᠭᠴᠡᠭᠡ ᠂ ᠵᠠᠬ᠎ᠠ ᠳᠡᠯᠭᠡᠭᠦᠷ ᠤᠨ ᠭᠦᠢᠯᠭᠡᠭᠡ ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠂ ᠠᠵᠤ ᠠᠬᠤᠶᠢᠯᠠᠯ ᠤᠨ ᠵᠢᠱᠢᠯᠲᠡ ᠵᠡᠷᠭᠡ ᠢᠯᠡᠳᠲᠡ ᠰᠠᠶᠢᠵᠢᠷᠠᠨ ᠂ ᠠᠵᠤ ᠠᠬᠤᠢ ᠶᠢᠨ ᠨᠡᠮᠡᠭᠳᠡᠯ ᠶᠠᠭ ᠲᠣᠭᠲᠠᠪᠤᠷᠢᠵᠢᠨ ᠳᠡᠭᠡᠭᠰᠢᠯᠡᠵᠦ ᠪᠠᠶᠢᠭ᠎ᠠ ᠪᠥᠭᠡᠳ ᠮᠠᠨ ᠤ ᠤᠯᠤᠰ ᠤᠨ ᠠᠵᠤ ᠠᠬᠤᠢ ᠳᠤ ᠯᠤᠲᠤ ᠶᠡᠭᠡ ᠳᠠᠯᠳᠠ ᠬᠦᠴᠦᠨ ᠪᠠ ᠬᠥᠭᠵᠢᠯᠲᠡ ᠶᠢᠨ ᠬᠥᠳᠡᠯᠭᠡᠭᠴᠢ ᠬᠦᠴᠦᠨ ᠲᠠᠢ ᠪᠠᠶᠢᠨ᠎ᠠ ᠃      ᠲᠥᠯᠥᠭᠡᠯᠡᠭᠴᠢᠳ ᠠ᠋ ︕      ᠥᠩᠭᠡᠷᠡᠭᠰᠡᠨ ᠲᠠᠪᠤᠨ ᠵᠢᠯ ᠪᠣᠯ ᠲᠤᠶᠢᠯ ᠤᠨ ᠶᠡᠷᠦ ᠪᠤᠰᠤ ᠂ ᠲᠤᠶᠢᠯ ᠤᠨ ᠡᠭᠡᠯ ᠪᠤᠰᠤ ᠶᠢᠨ ᠲᠠᠪᠤᠨ ᠵᠢᠯ ᠶᠤᠮ ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠡ ᠳᠡᠯᠡᠬᠡᠢ ᠶᠢᠨ ᠬᠤᠪᠢᠰᠤᠯᠲᠠ ᠶᠢᠨ ᠲᠦᠷᠭᠡᠰᠦᠭᠰᠡᠨ ᠤᠯᠠᠷᠢᠯᠲᠠ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠠᠭᠤᠷᠠᠯᠲᠠ ᠵᠡᠷᠭᠡ ᠤᠯᠠᠨ ᠳᠠᠪᠬᠤᠷ ᠰᠢᠯᠭᠠᠯᠲᠠ ᠶᠢ ᠳᠠᠭᠠᠭᠠᠨ ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠬᠤᠭᠤᠴᠠᠭ᠎ᠠ ᠶᠣᠰᠣᠭᠠᠷ ᠢᠯᠠᠯᠲᠠ ᠣᠯᠵᠤ ᠂ ᠴᠢᠨᠡᠭᠡᠯᠢᠭ ᠨᠡᠶᠢᠭᠡᠮ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠨ ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠯᠠᠯ ᠢᠶᠠᠨ ᠡᠬᠢᠯᠡᠭᠦᠯᠪᠡ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠨ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠦᠨ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠤᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠣᠯᠪᠠ ᠃      — ᠠᠵᠤ ᠠᠬᠤᠢ ᠶᠢᠨ ᠬᠥᠭᠵᠢᠯᠲᠡ ᠲᠠᠭᠢᠨ ᠰᠢᠨ᠎ᠡ ᠳᠡᠭᠲᠡᠷ ᠲᠤ ᠭᠠᠷᠪᠠ ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 121 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ ᠂ ᠲᠠᠪᠤᠨ ᠵᠢᠯ ᠳᠤ ᠵᠢᠯ ᠳᠤᠮᠳᠠᠴᠢ ᠪᠠᠷ 5.2% ᠢᠶᠠᠷ ᠨᠡᠮᠡᠭᠳᠡᠵᠦ ᠂ ᠠᠷᠪᠠᠨ ᠵᠢᠯ ᠳᠤ 70 ᠲᠦᠮᠡᠨ ᠳ᠋ᠦᠩᠰᠢᠭᠤᠷ ᠲᠥᠭᠦᠷᠢᠭ ᠰᠢᠬᠠᠮ ᠨᠡᠮᠡᠭᠳᠡᠨ ᠂ ᠵᠢᠯ ᠳᠤᠮᠳᠠᠴᠢ ᠪᠠᠷ 6.2% ᠢᠶᠠᠷ ᠨᠡᠮᠡᠭᠳᠡᠵᠦ ᠂ ᠥᠨᠳᠥᠷ ᠰᠠᠭᠤᠷᠢ ᠲᠤᠭ᠎ᠠ ᠶᠢᠨ ᠰᠠᠭᠤᠷᠢᠨ ᠳᠡᠭᠡᠷ᠎ᠡ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠭᠡᠳ ᠴᠢᠨᠠᠷ ᠰᠠᠶᠢᠲᠠᠢ ᠬᠥᠭᠵᠢᠯᠲᠡ ᠲᠡᠶᠢᠰᠢ ᠲᠠᠪᠰᠢᠪᠠ ᠃ ᠡᠳ᠋ ᠤᠨ ᠵᠠᠰᠠᠭ ᠤᠨ ᠣᠷᠣᠯᠭ᠎ᠠ 20.4 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠪᠡ ᠃ ᠠᠮᠤ ᠪᠤᠳᠠᠭᠠᠨ ᠤ ᠤᠨᠠᠯᠲᠠ ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠪᠠ ᠃ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 40 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ ᠃ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠵᠢᠯ ᠳᠤᠮᠳᠠᠴᠢ ᠪᠠᠷ 1270 ᠭᠠᠷᠤᠢ ᠲᠦᠮᠡ ᠰᠢᠨ᠎ᠡ ᠪᠠᠷ ᠨᠡᠮᠡᠭᠳᠡᠪᠡ ᠃ ᠭᠠᠳᠠᠭᠠᠳᠤ ᠭᠤᠪᠢᠭᠤᠯᠭ᠎ᠠ ᠶᠢᠨ ᠨᠥᠭᠡᠴᠡ 3 ᠲᠦᠮᠡᠨ ᠳ᠋ᠦᠩᠰᠢᠭᠤᠷ ᠳ᠋ᠣᠯᠯᠠᠷ ᠠᠴᠠ ᠳᠡᠭᠡᠭᠰᠢ ᠳᠤ ᠲᠣᠭᠲᠠᠪᠤᠷᠢᠵᠢᠪᠠ ᠃ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ ᠃      — ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠢᠯᠠᠯᠲᠠ ᠲᠠᠢ ᠪᠠᠷ ᠪᠡᠶᠡᠯᠡᠭᠦᠯᠪᠡ ᠃ ᠨᠠᠢᠮᠠᠨ ᠵᠢᠯ ᠤᠨ ᠦᠷᠭᠦᠯᠵᠢᠯᠡᠭᠰᠡᠨ ᠴᠢᠷᠮᠠᠶᠢᠯᠭ᠎ᠠ ᠪᠠᠷ ᠬᠥᠳᠡᠭᠡ ᠲᠣᠰᠬᠤᠨ ᠤ ᠳ᠋ᠦᠩᠰᠢᠭᠤᠷ ᠰᠢᠬᠠᠮ ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ ᠂ ᠪᠦᠭᠦ ᠤᠯᠤᠰ ᠤᠨ 832 ᠶᠠᠳᠠᠭᠤ ᠬᠦᠴᠢᠷᠳᠡᠯ ᠲᠠᠢ ᠰᠢᠶᠠᠨ ᠢ ᠴᠥᠮ ᠶᠠᠳᠠᠭᠤ ᠠᠴᠠ ᠠᠩᠭᠢᠵᠢᠷᠠᠭᠤᠯᠤᠨ ᠂ 960 ᠭᠠᠷᠤᠢ ᠲᠦᠮᠡᠨ ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠣᠨᠳᠣᠣ ᠭᠠᠵᠠᠷ ᠨᠡᠭᠦᠯᠭᠡᠵᠦ ᠂ ᠲᠤᠶᠢᠯ ᠤᠨ ᠶᠠᠳᠠᠭᠤ ᠬᠦᠴᠢᠷᠳᠡᠯ ᠲᠠᠢ ᠪᠠᠶᠢᠭᠰᠠᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ ᠃      — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠪᠠ ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠪᠠᠶᠢᠭᠤᠯᠤᠨ ᠂ ᠤᠯᠤᠰ ᠤᠨ ᠲᠤᠷᠰᠢᠯᠲᠠ ᠶᠢᠨ ᠲᠠᠰᠤᠭ ᠢ ᠵᠣᠬᠢᠶᠠᠨ ᠪᠠᠶᠢᠭᠤᠯᠵᠤ ᠂ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠲᠠᠭᠢᠨ ᠵᠣᠬᠢᠶᠠᠨ ᠪᠠᠶᠢᠭᠤᠯᠬᠤ ᠠᠵᠢᠯ ᠢ ᠪᠦᠯᠦᠭ ᠬᠤᠪᠢᠶᠠᠨ ᠠᠬᠢᠭᠤᠯᠪᠠ ᠃ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠵᠤ ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠂ ᠰᠠᠷᠠᠨ ᠪᠥᠮᠪᠥᠷᠴᠡᠭ ᠭᠠᠯ ᠭᠠᠷᠠᠭ ᠢ ᠬᠠᠶᠢᠨ ᠰᠢᠨᠵᠢᠯᠡᠬᠦ ᠂ ᠭᠦᠨ ᠳᠠᠯᠠᠢ ᠭᠦᠨ ᠭᠠᠵᠠᠷ ᠢ ᠬᠠᠶᠢᠨ ᠭᠡᠮᠵᠢᠭᠦ ᠂ ᠭᠡᠳᠦ ᠺᠤᠮᠫᠢᠦ᠋ᠲ᠋ᠧᠷ ᠂ ᠳᠠᠭᠠᠭᠤᠯᠢ ᠤᠳᠤ ᠪᠠᠷ ᠠᠶᠠᠯᠠᠯ ᠵᠠᠮᠴᠢᠯᠠᠬᠤ ᠂ ᠺᠸᠠᠨ᠋ᠲ ᠤᠨ ᠮᠡᠳᠡᠭᠡ ᠵᠠᠩᠭᠢ ᠂ ᠴᠥᠮ᠎ᠡ ᠶᠢᠨ ᠴᠠᠭᠢᠯᠭᠠᠨ ᠤ ᠮᠡᠷᠭᠡᠵᠢᠯ ᠂ ᠲᠣᠮᠣ ᠨᠢᠰᠬᠡᠯ ᠦᠢᠯᠡᠳᠭᠦ ᠂ ᠵᠣᠬᠢᠶᠠᠮᠠᠯ ᠣᠶᠤᠨᠯᠢᠭ ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠢᠯᠡᠷᠡᠨ ᠭᠠᠷᠪᠠ ᠃ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ 2.1% ᠪᠠᠶᠢᠭᠰᠠᠨ ᠠᠴᠠ ᠪᠠᠨ 2.5% ᠠᠴᠠ ᠳᠡᠭᠡᠭᠰᠢ ᠪᠣᠯᠵᠤ ᠳᠡᠭᠡᠭᠰᠢᠯᠡᠨ ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ 60% ᠠᠴᠠ ᠳᠡᠭᠡᠭᠰᠢ ᠪᠣᠯᠵᠤ ᠳᠡᠭᠡᠭᠰᠢᠯᠡᠨ ᠂ ᠰᠢᠨ᠎ᠡ ᠡᠭᠦᠳᠦᠯᠲᠡ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠲᠠᠰᠤᠷᠠᠯᠳᠠ ᠦᠭᠡᠢ ᠴᠢᠩᠭᠠᠷᠠᠪᠠ ᠃      — ᠠᠵᠤ ᠠᠬᠤᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ ᠃ ᠳᠡᠭᠡᠳᠦ ᠮᠡᠷᠭᠡᠵᠢᠯ ᠤᠨ ᠦᠢᠯᠡᠳᠭᠦ ᠦᠢᠯᠡᠰ ᠂ ᠲᠣᠨᠤᠭ ᠲᠥᠬᠦᠭᠡᠷᠦᠮᠵᠢ ᠦᠢᠯᠡᠳᠭᠦ ᠦᠢᠯᠡᠰ ᠤᠨ ᠨᠡᠮᠡᠭᠳᠡᠯ ᠥᠷᠲᠡᠭ ᠵᠢᠯ ᠳᠤᠮᠳᠠᠴᠢ ᠪᠠᠷ ᠳᠤᠰ ᠳᠤᠰ 10.6% ᠂ 7.9% ᠪᠠᠷ ᠨᠡᠮᠡᠭᠳᠡᠵᠦ ᠂ ᠳ᠋ᠢᠵᠢᠲ᠋ᠠᠯ ᠠᠵᠤ ᠠᠬᠤᠢ ᠳᠠᠰᠤᠷᠠᠯᠳᠠ ᠦᠭᠡᠢ ᠪᠤᠵᠠᠭᠠᠶᠢᠷᠠᠵᠤ ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠤᠨ ᠨᠡᠮᠡᠭᠳᠡᠯ ᠥᠷᠲᠡᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠲᠤ ᠡᠵᠡᠯᠡᠭᠦ ᠬᠤᠪᠢ ᠶᠢᠨ ᠵᠢᠩ 17% ᠠᠴᠠ ᠳᠡᠭᠡᠭᠰᠢ ᠳᠤ ᠭᠦᠷᠪᠡ ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠪᠡ ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 60.2% ᠪᠠᠶᠢᠭᠰᠠᠨ ᠠᠴᠠ ᠪᠠᠨ 65.2% ᠪᠣᠯᠵᠤ ᠳᠡᠭᠡᠭᠰᠢᠯᠡᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠪᠡ ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠯᠡᠨ ᠪᠣᠶᠢᠵᠢᠭᠤᠯᠪᠠ ᠃      — ᠰᠠᠭᠤᠷᠢ ᠲᠥᠬᠦᠭᠡᠷᠦᠮᠵᠢ ᠶᠢ ᠨᠠᠩ ᠢᠯᠡᠭᠦᠦ ᠲᠡᠭᠦᠯᠳᠡᠷᠵᠢᠭᠦᠯᠪᠡ ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠂ ᠤᠰᠤ ᠲᠠᠲᠠᠵᠤ ᠤᠰᠤ ᠲᠣᠬᠢᠷᠠᠭᠤᠯᠬᠤ ᠵᠡᠷᠭᠡ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ ᠃ ᠳᠡᠭᠡᠳᠦ ᠬᠤᠷᠳᠤᠴᠠᠲᠤ ᠲᠡᠮᠦᠷ ᠵᠠᠮ ᠤᠨ ᠲᠡᠭᠡᠭᠡᠪᠦᠷᠢ ᠡᠵᠡᠩᠨᠡᠯᠲᠡ ᠶᠢᠨ ᠵᠠᠮ ᠤᠨ ᠤᠷᠳᠤ 2.5 ᠲᠦᠮᠡᠨ ᠺᠢᠯᠣᠮᠧᠲᠷ ᠪᠠᠶᠢᠭᠰᠠᠨ ᠠᠴᠠ  ᠪᠠᠨ 4.2 ᠲᠦᠮᠡᠨ ᠺᠢᠯᠣᠮᠧᠲᠷ ᠪᠣᠯᠵᠤ ᠨᠡᠮᠡᠭᠳᠡᠨ ᠂ ᠲᠦᠷᠭᠡᠨ ᠳᠠᠪᠬᠢᠬᠤ ᠵᠠᠰᠠᠮᠠᠯ ᠵᠠᠮ ᠤᠨ ᠤᠷᠳᠤ ᠶᠢᠨ ᠬᠡᠮᠵᠢᠶ᠎ᠡ 13.6 ᠲᠦᠮᠡᠨ ᠺᠢᠯᠣᠮᠧᠲᠷ ᠪᠠᠶᠢᠭᠰᠠᠨ ᠠᠴᠠ ᠪᠠᠨ 17.7 ᠲᠦᠮᠡᠨ ᠺᠢᠯᠣᠮᠧᠲᠷ ᠪᠣᠯᠵᠤ ᠨᠡᠮᠡᠭᠳᠡᠪᠡ ᠃ ᠬᠥᠳᠡᠭᠡ ᠲᠣᠰᠬᠤᠨ ᠤ ᠵᠠᠰᠠᠮᠠᠯ ᠵᠠᠮ ᠢ 125 ᠲᠦᠮᠡᠨ ᠺᠢᠯᠣᠮᠧᠲᠷ ᠰᠢᠨ᠎ᠡ ᠪᠠᠷ ᠳᠡᠪᠢᠰᠦᠭᠰᠡᠨ ᠪᠤᠶᠤ ᠵᠠᠰᠠᠵᠤ ᠳᠡᠪᠢᠰᠪᠡ ᠃ ᠨᠢᠰᠬᠡᠯ ᠤᠨ ᠪᠠᠭᠤᠳᠠᠯ ᠤᠨ ᠪᠠᠭᠲᠠᠭᠠᠮᠵᠢ ᠶᠢ 4 ᠳ᠋ᠦᠩᠰᠢᠭᠤᠷ ᠬᠥᠮᠥᠨ ᠤᠳᠠᠭ᠎ᠠ ᠰᠢᠨ᠎ᠡ ᠪᠠᠷ ᠨᠡᠮᠡᠭᠳᠡᠭᠦᠯᠪᠡ ᠃ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 40% ᠠᠴᠠ ᠳᠡᠭᠡᠭᠰᠢ ᠨᠡᠮᠡᠭᠳᠡᠭᠦᠯᠪᠡ ᠃ ᠪᠤᠢ ᠪᠦᠬᠦᠢ ᠲᠤᠰᠬᠠᠢ ᠣᠷᠣᠨ ᠤ ᠲᠡᠰ ᠤᠨ ᠬᠤᠲᠠ ᠳᠤ ᠮᠢᠩᠭᠠᠨ ᠮᠧᠭ᠎ᠠ ᠶᠢᠨ ᠭᠡᠷᠡᠯᠯᠢᠭ ᠰᠦᠯᠵᠢᠶ᠎ᠡ ᠶᠢ ᠪᠦᠷᠬᠦᠭᠦᠯᠵᠦ ᠂ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠳᠤ ᠥᠷᠭᠡᠨ ᠪᠦᠰᠡᠲᠦ ᠰᠦᠯᠵᠢᠶ᠎ᠡ ᠶᠢ ᠨᠡᠪᠲᠡᠷᠡᠭᠦᠯᠪᠡ ᠃      — ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ ᠃ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠦᠨ ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ ᠃ ︽ ᠨᠢᠭᠡ ᠪᠦᠰᠡ ᠨᠢᠭᠡ ᠵᠠᠮ ︾  ᠢ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ ᠃ ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵ RCEP ︶ ᠢ ᠬᠦᠴᠦᠨ ᠲᠠᠢ ᠪᠤᠯᠭᠠᠵᠤ ᠬᠡᠷᠡᠭᠵᠢᠭᠦᠯᠬᠦ ᠶᠢ ᠠᠬᠢᠭᠤᠯᠤᠨ ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠴᠢᠯᠦᠭᠡᠲᠦ ᠠᠷᠠᠯᠵᠢᠶᠠᠨ ᠤ ᠣᠷᠣᠨ ᠢ ᠪᠠᠶᠢᠭᠤᠯᠪᠠ ᠃ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠭᠦ ᠲᠤᠭ᠎ᠠ ᠵᠢᠯ ᠳᠤᠮᠳᠠᠴᠢ ᠪᠠᠷ 8.6% ᠪᠠᠷ ᠨᠡᠮᠡᠭᠳᠡᠨ ᠂ 40 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠪᠥᠭᠡᠳ ᠤᠯᠠᠨ ᠵᠢᠯ ᠳᠠᠷᠠᠭᠠᠯᠠᠨ ᠳᠡᠯᠡᠬᠡᠢ ᠶᠢᠨ ᠲᠡᠷᠢᠭᠦᠨ ᠪᠠᠶᠢᠷᠢᠨ ᠳᠤ ᠣᠷᠣᠵᠤ ᠂ ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ ᠶᠠᠪᠤᠳᠠᠯ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠪᠠ ᠃      — ᠠᠮᠢ ᠠᠬᠤᠢ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ ᠃ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ 8.1% ᠪᠠᠷ ᠪᠠᠭᠤᠷᠠᠵᠤ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ 14.1% ᠪᠠᠷ ᠪᠠᠭᠤᠷᠠᠪᠠ ᠃ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵ PM2.5 ︶ ᠤᠨ ᠳᠤᠮᠳᠠᠴᠢ ᠥᠳᠬᠡᠴᠡ 27.5% ᠪᠠᠷ ᠪᠠᠭᠤᠷᠠᠨ ᠂ ᠬᠦᠨᠳᠦ ᠪᠣᠬᠢᠷᠳᠤᠯ ᠲᠠᠢ ᠡᠳᠦᠷ ᠤᠨ ᠲᠤᠭ᠎ᠠ ᠲᠠᠪᠤᠨ ᠬᠤᠪᠢ ᠠᠴᠠ ᠳᠡᠭᠡᠭᠰᠢ ᠪᠠᠭᠠᠰᠴᠤ ᠂ ᠪᠦᠭᠦ ᠤᠯᠤᠰ ᠤᠨ ᠭᠠᠵᠠᠷ ᠤᠨ ᠭᠠᠳᠠᠷᠭᠤ ᠶᠢᠨ ᠤᠰᠤᠨ ᠤ ᠰᠢᠯᠢᠳᠡᠭ ᠰᠠᠶᠢᠨ ᠤᠰᠤᠨ ᠴᠣᠭᠴᠠ ᠶᠢᠨ ᠬᠠᠷᠢᠴᠠᠯ 67.9% ᠪᠠᠶᠢᠭᠰᠠᠨ ᠠᠴᠠ  ᠪᠠᠨ 87.9% ᠪᠣᠯᠵᠤ ᠳᠡᠭᠡᠭᠰᠢᠯᠡᠪᠡ ᠃ ᠲᠦᠷᠦᠭᠦᠦ ᠪᠦᠯᠦᠭ ᠤᠯᠤᠰ ᠤᠨ ᠴᠡᠴᠡᠷᠯᠢᠭ ᠢ 5 ᠪᠠᠶᠢᠭᠤᠯᠵᠤ ᠂ ᠡᠯ᠎ᠡ ᠱᠠᠲᠤᠨ ᠤ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ 9000 ᠭᠠᠷᠤᠢ ᠪᠠᠶᠢᠭᠤᠯᠪᠠ ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ ᠃      — ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠵᠤ ᠂ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠵᠢᠯ ᠳᠤᠮᠳᠠᠴᠢ ᠪᠠᠷ 5.1% ᠪᠠᠷ ᠨᠡᠮᠡᠭᠳᠡᠪᠡ ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠵᠢᠯ ᠳᠤᠮᠳᠠᠴᠢ ᠪᠠᠷ 2.1% ᠪᠠᠷ ᠥᠰᠪᠡ ᠃ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠶᠢᠨ ᠬᠦᠴᠦᠨ ᠤ ᠰᠤᠷᠭᠠᠨ ᠬᠥᠮᠦᠵᠢᠯ ᠭᠦᠷᠲᠡᠭᠦ ᠳᠤᠮᠳᠠᠴᠢ ᠵᠢᠯ ᠬᠤᠭᠤᠴᠠᠭ᠎ᠠ 13.5 ᠵᠢᠯ ᠪᠠᠶᠢᠭᠰᠠᠨ ᠠᠴᠠ ᠪᠠᠨ 14 ᠵᠢᠯ ᠪᠣᠯᠵᠤ ᠳᠡᠭᠡᠭᠰᠢᠯᠡᠪᠡ ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 1.4 ᠳ᠋ᠦᠩᠰᠢᠭᠤᠷ ᠨᠡᠮᠡᠭᠳᠡᠨ ᠂ 10.5 ᠳ᠋ᠦᠩᠰᠢᠭᠤᠷ ᠬᠥᠮᠥᠨ ᠢ ᠬᠠᠮᠤᠷᠴᠤ ᠂ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ ᠃ ᠣᠯᠠᠨ ᠵᠢᠯ ᠳᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠨᠡᠶᠢᠲᠡ 4200 ᠭᠠᠷᠤᠢ ᠲᠦᠮᠡᠨ ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠵᠤ ᠂ ᠳ᠋ᠦᠩᠰᠢᠭᠤᠷ ᠭᠠᠷᠤᠢ ᠬᠥᠮᠥᠨ ᠳᠥᠭᠦᠮ ᠪᠦᠲᠦᠴᠡᠲᠦ ᠣᠷᠣᠨ ᠰᠠᠭᠤᠴᠠ ᠠᠴᠠ  ᠪᠠᠨ ᠠᠰᠠᠷ ᠲᠤ ᠨᠡᠭᠦᠵᠦ ᠣᠷᠣᠭᠠᠳ ᠠᠮᠤᠭᠤᠯᠠᠩ ᠰᠠᠭᠤᠴᠠ ᠲᠠᠢ ᠪᠣᠯᠪᠠ ᠃      ᠣᠯᠠᠨ ᠵᠢᠯ ᠨᠠᠷᠢᠨ ᠨᠢᠮᠪᠠᠢ ᠪᠡᠯᠡᠳᠬᠡᠯ ᠬᠢᠬᠦ ᠪᠠᠷ ᠳᠠᠮᠵᠢᠭᠠᠳ ᠂ ᠠᠷᠪᠢᠴᠢ ᠭᠠᠮᠲᠠᠢ ᠂ ᠠᠮᠤᠷ ᠲᠦᠪᠰᠢᠨ ᠂ ᠭᠠᠶᠢᠬᠠᠯᠲᠠᠢ ᠰᠠᠶᠢᠬᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠨ ᠂ ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠳᠡᠭᠡᠷᠡᠬᠢ ᠬᠥᠳᠡᠯᠭᠡᠭᠡᠨ ᠢ ᠠᠬᠢᠭᠤᠯᠬᠤ ᠂ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠬᠤ ᠂ ᠳᠡᠯᠡᠬᠡᠢ ᠶᠢᠨ ᠠᠷᠠᠳ ᠲᠦᠮᠡᠨ ᠤ ᠪᠦᠯᠬᠦᠮᠳᠡᠯ ᠨᠥᠬᠦᠷᠯᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠭᠤᠷᠪᠠᠨ ᠵᠢᠯ ᠭᠠᠷᠤᠢ ᠶᠢᠨ ᠲᠤᠷᠰᠢ ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ ᠂ ᠡᠮᠨᠡᠯᠭᠡ ᠶᠢᠨ ᠡᠬᠢ ᠪᠠᠶᠠᠯᠢᠭ ᠪᠠ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠳ ᠢ ᠪᠦᠭᠦ ᠬᠦᠴᠦᠨ ᠢᠶᠠᠷ ᠢᠶᠠᠨ ᠠᠪᠤᠷᠠᠨ ᠵᠠᠰᠠᠵᠤ ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠵᠤ ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠵᠦ ᠂ ᠪᠦᠭᠦ ᠤᠯᠤᠰ ᠤᠨ ᠠᠷᠠᠳ ᠲᠦᠮᠡᠨ ᠰᠢᠨᠲᠠᠷᠠᠰᠢ ᠦᠭᠡᠢ ᠴᠢᠷᠮᠠᠶᠢᠵᠤ ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠶᠢ ᠣᠯᠪᠠ ᠃ ᠬᠢᠵᠢᠭ ᠢ ᠡᠰᠡᠷᠭᠦᠴᠡᠬᠦ ᠲᠤᠶᠢᠯ ᠤᠨ ᠶᠡᠷᠦ ᠪᠤᠰᠤ ᠶᠢᠨ ᠥᠩᠭᠡᠷᠡᠯᠲᠡ ᠳᠤᠮᠳᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠡᠭᠡ ᠬᠡᠮᠵᠢᠶᠡᠨ ᠤ ᠠᠵᠢᠯ ᠬᠢᠵᠦ ᠂ ᠡᠯ᠎ᠡ ᠠᠵᠢᠯ ᠲᠥᠷᠥᠯ ᠤᠨ ᠬᠢᠨ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠂ ᠥᠷᠭᠡᠨ ᠣᠯᠠᠨ ᠡᠮᠨᠡᠯᠭᠡ ᠶᠢᠨ ᠠᠵᠢᠯᠲᠠᠨ ᠬᠦᠴᠢᠷ ᠪᠡᠷᠬᠡ ᠠᠴᠠ ᠦᠯᠦ ᠰᠦᠷᠳᠡᠨ ᠂ ᠢᠯᠠᠩᠭᠤᠶ᠎ᠠ ᠲᠦᠭ ᠲᠦᠮᠡᠨ ᠠᠷᠠᠳ ᠲᠦᠮᠡᠨ ᠤᠯᠠᠨ ᠳᠠᠪᠬᠤᠷ ᠪᠡᠷᠬᠡᠰᠢᠶᠡᠯ ᠢ ᠢᠯᠡᠨ ᠳᠠᠪᠠᠵᠤ ᠂ ᠬᠤᠪᠢ ᠨᠡᠮᠡᠷᠢ ᠣᠷᠣᠭᠤᠯᠵᠤ ᠬᠠᠷᠠᠮ ᠦᠭᠡᠢ ᠵᠣᠷᠢᠭᠤᠯᠤᠭᠰᠠᠨ ᠨᠢ ᠴᠥᠮ ᠲᠤᠶᠢᠯ ᠤᠨ ᠭᠢᠯᠪᠡᠷ ᠪᠤᠰᠤ ᠶᠠᠪᠤᠳᠠᠯ ᠶᠤᠮ ᠂ ᠤᠯᠡᠨ ᠢᠶᠠᠷ ᠢᠶᠠᠨ ᠬᠢᠵᠢᠭ ᠤᠨ ᠬᠦᠨᠳᠦ ᠶᠡᠭᠡ ᠰᠢᠯᠭᠠᠯᠲᠠ ᠶᠢ ᠬᠠᠮᠲᠤ ᠪᠠᠷ ᠡᠰᠡᠷᠭᠦᠴᠡᠨ ᠬᠤᠷᠢᠭᠯᠠᠵᠤ ᠂ ᠬᠠᠷᠠᠬᠠᠨ ᠳᠠᠭᠤᠰᠤᠭᠠᠳᠤᠢ ᠬᠢᠵᠢᠭ ᠤᠨ ᠡᠮᠦᠨ᠎ᠡ ᠂ ᠮᠥᠨ ᠯᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠭᠡᠳ ᠣᠯᠣᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ ᠪᠠᠶᠢᠨ᠎ᠠ ᠃      ᠲᠥᠯᠥᠭᠡᠯᠡᠭᠴᠢᠳ ᠠ᠋ ︕      ᠲᠠᠪᠤᠨ ᠵᠢᠯ ᠤᠨ ᠲᠤᠷᠰᠢ ᠂ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ ᠂ ᠭᠤᠣᠯᠳᠠᠭᠤ ᠳᠣᠣᠷᠠᠬᠢ ᠠᠵᠢᠯ ᠤᠳ ᠢ ᠬᠢᠪᠡ ᠃      ︵ ᠨᠢᠭᠡ ︶ ᠬᠤᠷᠸ᠎ᠠ ᠲᠣᠬᠢᠷᠠᠭᠤᠯᠤᠯ ᠡᠵᠡᠮᠳᠡᠯ ᠤᠨ ᠰᠢᠨ᠎ᠡ ᠶᠢ ᠡᠭᠦᠳᠴᠦ ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠪᠠ ᠃ ᠠᠷᠠᠯᠵᠢᠶᠠᠨ ᠤ ᠬᠠᠮᠠᠭᠠᠯᠠᠬᠤ ᠦᠵᠡᠯ ᠲᠣᠯᠣᠭᠠᠢ ᠥᠨᠳᠡᠶᠢᠭᠰᠡᠨ ᠂ ᠬᠢᠵᠢᠭ ᠤᠨ ᠳᠠᠭᠠᠷᠢᠯᠲᠠ ᠢᠷᠡᠭᠰᠡᠨ ᠵᠡᠷᠭᠡ ᠬᠤᠶᠢᠨ᠎ᠠ ᠬᠤᠶᠢᠨ᠎ᠠ ᠠᠴᠠ ᠪᠠᠨ ᠵᠠᠯᠭᠠᠯᠳᠤᠭᠰᠠᠨ ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠂ ᠪᠡᠯᠡ ᠣᠷᠣᠭᠤᠯᠤᠯᠲᠠ ᠳᠤ ᠬᠡᠲᠦᠷᠬᠡᠢ ᠲᠦᠰᠢᠭᠯᠡᠬᠦ ᠦᠭᠡᠢ ᠪᠠᠶᠢᠵᠤ ᠂ ᠡᠳ᠋ ᠤᠨ ᠵᠠᠰᠠᠭ ᠤᠨ ᠪᠠ ᠵᠣᠭᠤᠰᠤᠨ ᠤ ᠵᠡᠷᠭᠡ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ ᠂ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠨᠢ ᠨᠡᠮᠡᠭᠳᠡᠭᠦᠯᠦᠨ ᠂ ᠵᠠᠬ᠎ᠠ ᠳᠡᠯᠭᠡᠭᠦᠷ ᠤᠨ ᠬᠤᠪᠢᠷᠠᠯᠲᠠ ᠳᠤ ᠰᠢᠭᠤᠳ ᠬᠠᠨᠳᠤᠵᠤ ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠢᠶᠠᠨ ᠰᠢᠢᠳᠪᠦᠷᠢᠯᠡᠨ ᠭᠦᠭᠵᠢᠭᠦ ᠶᠢ ᠭᠤᠣᠯᠳᠠᠯᠭ᠎ᠠ ᠲᠠᠢ ᠲᠡᠮᠵᠢᠭᠦ ᠶᠢᠨ ᠤᠯᠠᠮ ᠠᠴᠠ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠪᠠ ᠃ ᠣᠨ ᠤ ᠭᠤᠣᠯ ᠭᠤᠣᠯ ᠵᠢᠱᠢᠭᠰᠡᠨ ᠬᠠᠷᠠᠯᠲᠠ ᠶᠢ ᠨᠢᠭᠡᠨ ᠣᠷᠭᠠᠨᠢᠭ ᠪᠦᠬᠦᠯᠢ ᠴᠣᠭᠴᠠ ᠪᠣᠯᠭᠠᠨ ᠡᠵᠡᠮᠳᠡᠵᠦ ᠂ ᠬᠡᠪᠴᠢᠶᠡᠲᠦ ᠲᠣᠬᠢᠷᠠᠭᠤᠯᠤᠯ ᠡᠵᠡᠮᠳᠡᠯ ᠂ ᠬᠠᠨᠳᠤᠯᠭᠠᠲᠤ ᠲᠣᠬᠢᠷᠠᠭᠤᠯᠤᠯ ᠡᠵᠡᠮᠳᠡᠯ ᠂ ᠲᠣᠬᠢᠶᠠᠯᠳᠤ ᠲᠣᠬᠢᠷᠠᠭᠤᠯᠤᠯ ᠡᠵᠡᠮᠳᠡᠯ ᠂ ᠨᠠᠷᠢᠯᠢᠭ ᠤᠨᠤᠴᠠᠳᠤ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ ᠂ ᠡᠷᠡᠰ ᠰᠢᠭᠤᠷᠬᠠᠢ ᠪᠠᠷ ᠡᠷᠴᠢᠮ ᠢᠶᠠᠨ ᠴᠢᠩᠭᠠᠷᠠᠭᠤᠯᠤᠭᠰᠠᠨ ᠮᠥᠷᠲᠡᠭᠡᠨ ︽ ᠨᠡᠯᠦᠶᠢᠯᠭᠡᠨ ᠤᠰᠤᠯᠠᠬᠤ ᠦᠭᠡᠢ ︾ ᠂ ᠬᠡᠲᠦᠷᠡᠲᠡᠯ᠎ᠡ ᠤᠷᠢᠳᠴᠢᠯᠠᠨ ᠵᠠᠷᠤᠴᠠᠭᠤᠯᠬᠤ ᠦᠭᠡᠢ ᠪᠠᠶᠢᠵᠤ ᠂ ︽ ᠵᠢᠷᠭᠤᠭ᠎ᠠ ᠶᠢ ᠲᠣᠭᠲᠠᠭᠤᠨ ᠪᠠᠶᠢᠯᠭᠠᠬᠤ ︾ ᠂ ︽ ᠵᠢᠷᠭᠤᠭ᠎ᠠ ᠶᠢ ᠪᠠᠲᠤᠯᠠᠬᠤ ︾ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠂ ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠴᠢᠩᠭᠠᠳᠬᠠᠨ ᠂ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠪᠠᠷ ᠠᠵᠤ ᠠᠬᠤᠢ ᠶᠢᠨ ᠰᠠᠭᠠᠳ ᠲᠣᠳᠬᠠᠷ ᠢ ᠳᠠᠪᠠᠵᠤ ᠂ ᠦᠷᠭᠦᠯᠵᠢᠯᠡᠨ ᠤᠷᠤᠭᠰᠢᠯᠠᠬᠤ ᠶᠢ ᠠᠬᠢᠭᠤᠯᠪᠠ ᠃      ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ ᠃ ᠤᠯᠠᠭᠠᠨ ᠲᠤᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ ᠡᠵᠡᠮᠳᠡᠵᠦ ᠂ ᠲᠠᠪᠤᠨ ᠵᠢᠯ ᠤᠨ ᠶᠡᠷᠦᠩᠬᠡᠢ ᠤᠯᠠᠭᠠᠨ ᠲᠤᠭ᠎ᠠ ᠶᠢᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠵᠤ ᠂ ᠵᠠᠰᠠᠭ ᠤᠨ ᠣᠷᠳᠣᠨ ᠤ ᠥᠭᠴᠡᠭᠡᠨ ᠤ ᠨᠤᠷᠮ᠎ᠠ ᠶᠢ 50% ᠣᠷᠴᠢᠮ ᠳᠤ ᠬᠢᠵᠠᠭᠠᠷᠯᠠᠪᠠ ᠃ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠂ ᠦᠨᠳᠦᠰᠦᠨ ᠠᠷᠠᠳ ᠤᠨ ᠠᠮᠢᠳᠤᠷᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠬᠦᠴᠦᠲᠡᠢ ᠪᠠᠲᠤᠯᠠᠪᠠ ᠃ ᠶᠡᠭᠡ ᠬᠡᠪᠴᠢᠶᠡᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠪᠣᠯᠣᠨ ᠱᠠᠲᠤ ᠦᠶᠡᠴᠢ ᠴᠢᠨᠠᠷᠲᠠᠢ ᠠᠷᠭ᠎ᠠ ᠬᠡᠮᠵᠢᠶ᠎ᠡ ᠶᠢ ᠤᠶᠠᠯᠳᠤᠭᠤᠯᠵᠤ ᠂ ᠬᠢᠵᠢᠭ ᠡᠭᠦᠰᠦᠭᠰᠡᠨ ᠤ ᠳᠠᠷᠠᠭ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠳᠠᠭᠠᠷᠢᠯᠲᠠ ᠶᠢ ᠠᠷᠭᠠᠴᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠪᠠ ᠃ ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ ᠪᠠᠶᠢᠭᠰᠠᠨ ᠢ ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠪᠣᠯᠭᠠᠨ ᠥᠭᠡᠷᠡᠴᠢᠯᠡᠬᠦ ᠡᠭᠦᠷᠭᠡ ᠶᠢ ᠲᠤᠭᠤᠰᠢᠲᠠᠢ ᠪᠡᠶᠡᠯᠡᠭᠦᠯᠵᠦ ᠂ ᠡᠵᠡᠩᠨᠡᠯᠲᠡ ᠶᠢᠨ ᠭᠠᠶᠢᠯᠢ ᠶᠢ ᠬᠦᠴᠦᠨ ᠦᠭᠡᠢ ᠪᠤᠯᠭᠠᠵᠤ ᠂ ᠥᠷᠲᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠡᠵᠡᠯᠡᠭᠦ ᠬᠠᠷᠢᠴᠠᠯ ᠢᠶᠠᠷ ᠬᠠᠮᠤᠭ ᠤᠨ ᠥᠨᠳᠥᠷ ᠂ ᠬᠤᠯᠪᠣᠭᠳᠠᠬᠤ ᠠᠵᠢᠯ ᠲᠥᠷᠥᠯ ᠨᠢ ᠥᠷᠭᠡᠨ ᠳᠡᠯᠭᠡᠷ ᠪᠠᠶᠢᠳᠠᠭ ᠭᠠᠶᠢᠯᠢ ᠶᠢᠨ ᠨᠣᠷᠮ᠎ᠠ ᠶᠢ 17% ᠪᠠᠶᠢᠭᠰᠠᠨ ᠠᠴᠠ 13% ᠪᠤᠯᠳᠠᠯ᠎ᠠ ᠪᠠᠭᠤᠷᠠᠭᠤᠯᠵᠤ ᠂ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 3 ᠲᠦᠮᠡᠨ ᠲᠥᠭᠦᠷᠢᠭ ᠪᠠᠶᠢᠭᠰᠠᠨ ᠠᠴᠠ 15 ᠲᠦᠮᠡᠨ ᠲᠥᠭᠦᠷᠢᠭ ᠪᠤᠯᠳᠠᠯ᠎ᠠ ᠱᠠᠲᠤ ᠦᠶᠡᠴᠢ ᠴᠢᠨᠠᠷᠲᠠᠢ ᠪᠠᠷ ᠳᠡᠭᠡᠭᠰᠢᠯᠡᠭᠦᠯᠵᠦ ᠂ ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠪᠣᠳᠠᠲᠠᠢ ᠬᠠᠮᠤᠭ ᠤᠨ ᠳᠣᠣᠷ᠎ᠠ ᠭᠠᠶᠢᠯᠢ ᠶᠢᠨ ᠡᠭᠦᠷᠭᠡᠯᠡᠯ ᠤᠨ ᠨᠣᠷᠮ᠎ᠠ ᠶᠢ 10% ᠪᠠᠶᠢᠭᠰᠠᠨ ᠠᠴᠠ 2.5% ᠪᠤᠯᠲᠠᠯ᠎ᠠ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠳᠤ ᠭᠤᠤᠯᠴᠢ ᠪᠥᠭᠡᠳ ᠲᠦᠭᠡᠮᠡᠯ ᠬᠠᠷᠠᠭᠠᠯᠵᠠᠯ ᠦᠵᠡᠭᠦᠯᠦᠨ ᠂ ᠥᠨᠳᠥᠷ ᠪᠦᠲᠦᠮᠵᠢᠲᠡᠶ ᠪᠥᠭᠡᠳ ᠰᠢᠭᠤᠳ ᠪᠠᠭᠤᠯᠭᠠᠵᠤ ᠂ ᠲᠠᠪᠤᠨ ᠵᠢᠯ ᠳᠤ ᠨᠡᠶᠢᠲᠡ 5.4 ᠲᠦᠮᠡᠨ ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ ᠂ 2.8 ᠲᠦᠮᠡᠨ ᠳ᠋ᠦᠩᠰᠢᠭᠤᠷ ᠲᠥᠭᠦᠷᠢᠭ ᠤᠨ ᠰᠦᠢᠳᠬᠡᠯ ᠢ ᠪᠠᠭᠤᠷᠠᠭᠤᠯᠵᠤ ᠂ ᠠᠵᠤ ᠠᠬᠤᠶᠢᠯᠠᠯ ᠢ ᠬᠠᠪᠰᠤᠷᠤᠨ ᠬᠦᠴᠢᠷ ᠪᠡᠷᠬᠡ ᠶᠢ ᠲᠤᠭᠤᠯᠤᠭᠤᠯᠵᠤ ᠂ ᠬᠦᠴᠦ ᠲᠠᠮᠢᠷ ᠢ ᠨᠢ ᠬᠠᠳᠠᠭᠠᠯᠠᠵᠤ ᠴᠢᠳᠠᠭᠰᠠᠨ ᠮᠥᠷᠲᠡᠭᠡᠨ ᠡᠳ᠋ ᠤᠨ ᠢᠷᠡᠯᠲᠡ ᠶᠢ ᠲᠡᠳᠬᠦᠨ ᠪᠣᠶᠢᠵᠢᠭᠤᠯᠵᠤ ᠂ ᠭᠠᠶᠢᠯᠢ ᠶᠢᠨ ᠢᠷᠡᠯᠲᠡ ᠶᠢ ᠬᠠᠳᠠᠭᠠᠯᠠᠨ ᠬᠠᠮᠠᠭᠠᠯᠠᠪᠠ ᠂ ᠢᠩᠭᠢᠭᠰᠡᠨ ᠢᠶᠠᠷ ᠵᠢᠯ ᠳᠤᠮᠳᠠᠴᠢ ᠪᠠᠷ ᠰᠢᠨ᠎ᠡ ᠪᠠᠷ ᠨᠡᠮᠡᠭᠳᠡᠭᠰᠡᠨ ᠭᠠᠶᠢᠯᠢ ᠳᠤ ᠬᠤᠯᠪᠣᠭᠳᠠᠬᠤ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 1100 ᠲᠦᠮᠡ ᠶᠢ ᠳᠠᠪᠠᠵᠤ ᠂ ᠡᠯ᠎ᠡ ᠣᠨ ᠤ ᠲᠥᠪ ᠤᠨ ᠡᠳ᠋ ᠤᠨ ᠵᠠᠰᠠᠭ ᠤᠨ ᠣᠷᠣᠯᠭ᠎ᠠ ᠶᠢᠨ ᠲᠥᠰᠥᠪ ᠢ ᠴᠥᠮ ᠤᠷᠤᠭᠰᠢᠲᠠᠢ ᠪᠡᠶᠡᠯᠡᠭᠦᠯᠪᠡ ᠂ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠬᠦᠴᠦᠨ ᠵᠦᠢᠯ ᠢ ᠪᠣᠳᠣᠯᠬᠢᠯᠠᠪᠠᠯ ᠂ ᠪᠦᠭᠦ ᠤᠯᠤᠰ ᠤᠨ ᠡᠳ᠋ ᠤᠨ ᠵᠠᠰᠠᠭ ᠤᠨ ᠤᠷᠤᠯᠭ᠎ᠠ ᠠᠷᠪᠠᠨ ᠵᠢᠯ ᠳᠤ ᠬᠤᠶᠠᠷ ᠳᠠᠭᠢᠨ ᠰᠢᠬᠠᠮ ᠪᠤᠯᠳᠠᠯ᠎ᠠ ᠨᠡᠮᠡᠭᠳᠡᠪᠡ ᠃ ᠡᠳ᠋ ᠤᠨ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ ᠂ ᠲᠥᠪ ᠤᠨ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠣᠷᠣᠨ ᠨᠤᠲᠤᠭ ᠲᠤ ᠰᠢᠯᠵᠢᠭᠦᠯᠦᠨ ᠥᠭᠬᠦ ᠵᠠᠷᠤᠯᠭ᠎ᠠ ᠶᠢᠨ ᠡᠵᠡᠯᠡᠭᠦ ᠬᠠᠷᠢᠴᠠᠯ ᠢ 70% ᠣᠷᠴᠢᠮ ᠪᠤᠯᠲᠠᠯ᠎ᠠ ᠳᠡᠭᠡᠭᠰᠢᠯᠡᠭᠦᠯᠵᠦ ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠪᠠᠭᠤᠯᠭᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠪᠠᠶᠢᠩᠭᠤᠵᠢᠭᠤᠯᠤᠨ ᠬᠡᠷᠡᠭᠵᠢᠭᠦᠯᠪᠡ ᠃ ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ ᠂ ᠲᠥᠪ ᠤᠨ ᠰᠠᠯᠠᠭ᠎ᠠ ᠮᠥᠴᠢᠷ ᠲᠦᠷᠦᠭᠦᠯᠡᠨ ᠵᠠᠷᠤᠯᠭ᠎ᠠ ᠪᠠᠨ ᠪᠠᠭᠠᠰᠬᠠᠵᠤ ᠂ ᠬᠠᠳᠠᠭᠠᠯᠠᠯᠲᠠ ᠪᠡᠯᠡ ᠮᠥᠩᠭᠦ ᠪᠠ ᠰᠤᠯᠠ ᠪᠠᠶᠢᠭ᠎ᠠ ᠪᠡᠯᠡ ᠬᠥᠷᠥᠩᠭᠡ ᠶᠢ ᠠᠮᠢᠳᠤᠯᠢᠭ ᠪᠣᠯᠭᠠᠨ ᠂ ᠶᠡᠭᠦᠯᠡᠵᠦ ᠭᠠᠷᠭᠠᠭᠰᠠᠨ ᠪᠡᠯᠡ ᠮᠥᠩᠭᠦ ᠪᠠᠷ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠢ ᠪᠠᠶᠠᠵᠢᠭᠤᠯᠵᠤ ᠂ ᠪᠦᠭᠦ ᠤᠯᠤᠰ ᠤᠨ ᠡᠳ᠋ ᠤᠨ ᠵᠠᠰᠠᠭ ᠤᠨ ᠵᠠᠷᠤᠯᠭ᠎ᠠ ᠶᠢᠨ 70% ᠠᠴᠠ ᠳᠡᠭᠡᠭᠰᠢᠬᠢ ᠶᠢ ᠨᠢ ᠠᠷᠠᠳ ᠤᠨ ᠠᠮᠢᠳᠤᠷᠠᠯ ᠳᠤ ᠬᠡᠷᠡᠭᠯᠡᠪᠡ ᠃      ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ ᠃ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠲᠥᠷᠥ ᠶᠢᠨ ᠪᠣᠳᠣᠯᠭ᠎ᠠ ᠶᠢᠨ ᠡᠷᠴᠢᠮ ᠢ ᠠᠮᠢᠳᠤᠯᠢᠭ ᠢᠶᠠᠷ ᠡᠵᠡᠮᠳᠡᠵᠦ ᠂ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠤᠷᠮ᠎ᠠ ᠶᠢ ᠪᠠᠭᠤᠷᠠᠭᠤᠯᠬᠤ ᠂ ᠳᠠᠭᠢᠨ ᠵᠢᠭᠡᠯᠡᠯᠭᠡ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠵᠦ ᠂ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠭᠦ ᠪᠦᠲᠦᠮᠵᠢᠲᠡᠶ ᠳᠡᠮᠵᠢᠯᠭᠡ ᠪᠠᠨ ᠴᠢᠩᠭᠠᠳᠬᠠᠨ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠨᠠᠮᠳᠠᠭᠤᠯᠪᠠ ᠃ ᠦᠢᠯᠡᠳᠭᠦ ᠦᠢᠯᠡᠰ ᠤᠨ ᠵᠢᠭᠡᠯᠡᠯᠭᠡ ᠶᠢᠨ ᠦᠯᠡᠳᠡᠪᠦᠷᠢ 16.3 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 27.4 ᠲᠦᠮᠡᠨ ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠪᠡ ᠃ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ 8.2 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 23.8 ᠲᠦᠮᠡᠨ ᠳ᠋ᠦᠩᠰᠢᠭᠤᠷ ᠲᠥᠭᠦᠷᠢᠭ ᠪᠤᠯᠳᠠᠯ᠎ᠠ ᠨᠡᠮᠡᠭᠳᠡᠵᠦ ᠂ ᠵᠢᠯ ᠳᠤᠮᠳᠠᠴᠢ ᠪᠠᠷ 24% ᠪᠠᠷ ᠨᠡᠮᠡᠭᠳᠡᠵᠦ ᠂ ᠵᠢᠭᠡᠯᠡᠯᠭᠡ ᠶᠢᠨ ᠳᠤᠮᠳᠠᠴᠢ ᠬᠦᠦ ᠶᠢᠨ ᠨᠤᠷᠮ᠎ᠠ ᠲᠠᠪᠤᠨ ᠵᠢᠯ ᠤᠨ ᠡᠮᠦᠨᠡᠬᠢ ᠠᠴᠠ 1.5 ᠵᠠᠭᠤᠨ ᠤ ᠨᠢᠭᠡᠴᠢ ᠪᠠᠷ ᠪᠠᠭᠤᠷᠠᠪᠠ ᠃ ᠳᠤᠮᠳᠠ ᠵᠢᠵᠢᠭ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠦᠷᠢᠳᠦᠭᠦ ᠶᠢ ᠢᠯᠭᠠᠷᠠᠭᠤᠯᠤᠨ ᠲᠢᠭᠯᠡᠭᠦ ᠡᠷᠴᠢᠮ ᠢ ᠴᠢᠩᠭᠠᠷᠠᠭᠤᠯᠪᠠ ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠬᠠᠷᠢᠮᠠᠬᠠᠢ ᠴᠢᠨᠠᠷ ᠨᠢ ᠴᠢᠩᠭᠠᠷᠠᠵᠤ ᠂ ᠦᠨᠳᠦᠰᠦᠨ ᠳᠡᠭᠡᠨ ᠲᠣᠭᠲᠠᠭᠤᠨ ᠪᠠᠶᠢᠨ᠎ᠠ ᠃ ᠤᠯᠤᠰ ᠤᠨ ᠦᠮᠴᠢᠯᠡᠯ ᠤᠨ ᠬᠤᠳᠠᠯᠳᠤᠭᠠᠨ ᠤ ᠪᠠᠩᠬᠢ ᠪᠠ ᠬᠥᠳᠡᠭᠡ ᠳᠤᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠶᠢᠨ 14486 ᠳ᠋ᠦᠡᠭᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢᠨ ᠲᠡᠦᠬᠡᠨ ᠥᠪᠡᠷ ᠤᠨ ᠦᠷᠳᠡᠭ ᠢ ᠪᠦᠷᠢᠮᠦᠰᠦᠨ ᠰᠢᠢᠳᠪᠦᠷᠢᠯᠡᠪᠡ ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠂ ᠨᠢᠭᠡ ᠪᠦᠯᠦᠭ ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ ᠤᠨ ᠠᠶᠤᠯ ᠲᠦᠭᠰᠢᠭᠦᠷᠢ ᠶᠢ ᠨᠠᠷᠢᠯᠢᠭ ᠣᠨᠣᠴᠠᠲᠠᠢ ᠰᠢᠢᠳᠪᠦᠷᠢᠯᠡᠵᠦ ᠂ ᠠᠶᠤᠯ ᠲᠦᠭᠰᠢᠭᠦᠷᠢ ᠶᠡᠬᠡᠲᠡᠢ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠣᠭᠲᠠᠭᠤᠨ ᠢᠶᠠᠷ ᠠᠷᠢᠯᠭᠠᠵᠤ ᠂ ᠲᠣᠮᠣ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠷᠡᠭᠦᠯ ᠢᠶᠠᠷ ᠬᠥᠭᠵᠢᠵᠦ ᠂ ᠮᠥᠩᠭᠦᠨ ᠭᠦᠢᠯᠭᠡᠭᠡᠨ ᠤ ᠰᠢᠰᠲ᠋ᠧᠮ ᠤᠨ ᠠᠵᠢᠯᠯᠠᠭᠠᠨ ᠯᠠᠪᠳᠠᠭᠤᠨ ᠲᠣᠭᠲᠠᠭᠤᠨ ᠪᠣᠯᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠡᠬᠦ ᠬᠢᠵᠠᠭᠠᠷ ᠱᠤᠭᠤᠮ ᠢ ᠰᠠᠬᠢᠵᠤ ᠲᠡᠶᠢᠯᠪᠡ ᠃      ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭᠠᠳᠬᠠᠪᠠ ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠶᠢᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠪᠣᠯᠭᠠᠪᠠ ᠃ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠬᠦᠴᠦᠯᠡᠨ ᠠᠬᠢᠭᠤᠯᠵᠤ ᠂ ᠠᠵᠤ ᠠᠬᠤᠶᠢᠯᠠᠯ ᠤᠨ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠪᠠᠨ ᠥᠷᠭᠡᠳᠬᠡᠬᠦ ᠶᠢ ᠳᠡᠮᠵᠢᠭᠦ ᠡᠷᠴᠢᠮ ᠢ ᠴᠢᠩᠭᠠᠷᠠᠭᠤᠯᠪᠠ ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠢ ᠶᠢᠨ ᠰᠦᠢᠳᠬᠡᠯ ᠲᠤᠰᠢᠶᠠᠬᠤ ᠬᠠᠷᠢᠴᠠᠯ ᠢ 20% ᠪᠠᠶᠢᠭᠰᠠᠨ ᠠᠴᠠ 16% ᠪᠣᠯᠭᠠᠨ ᠪᠠᠭᠤᠷᠠᠭᠤᠯᠬᠤ ᠶᠢᠨ ᠬᠠᠮᠲᠤ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠵᠦ ᠂ ᠨᠥᠭᠡᠴᠡᠯᠡᠯᠳᠡ ᠶᠢᠨ ᠬᠡᠪᠴᠢᠶ᠎ᠡ 1.8 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2.5 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠵᠤ ᠨᠡᠮᠡᠭᠳᠡᠪᠡ ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ ᠂ ᠠᠵᠢᠯᠲᠠᠨ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ ᠃ ᠪᠦᠭᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠵᠤ ᠂ ᠪᠦᠭᠦ ᠤᠯᠤᠰ ᠤᠨ ᠴᠣᠭᠴᠠᠯᠠᠬᠤ ᠡᠭᠦᠳᠭᠦ ᠭᠠᠷᠠᠭ ᠤᠨ ᠠᠵᠢᠯᠯᠠᠭ᠎ᠠ ᠶᠢ ᠵᠠᠯᠭᠠᠭ᠎ᠠ ᠪᠠᠷ 8 ᠬᠤᠭᠤᠴᠠᠭ᠎ᠠ ᠡᠷᠭᠢᠯᠡᠵᠦ ᠂ ᠤᠷᠤᠯᠴᠠᠬᠰᠠᠨ ᠬᠥᠮᠥᠨ ᠤ ᠲᠤᠭ᠎ᠠ 5.2 ᠳ᠋ᠦᠡᠭᠰᠢᠭᠤᠷ ᠭᠠᠷᠤᠢ ᠬᠥᠮᠥᠨ ᠤᠳᠠᠭ᠎ᠠ ᠳᠤ ᠬᠦᠷᠴᠦ ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠵᠤ ᠂ ᠬᠥᠳᠡᠯᠮᠦᠷᠢᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ ᠂ ᠠᠵᠢᠯ ᠣᠯᠬᠤ ᠰᠢᠨ᠎ᠡ ᠭᠡᠯᠪᠡᠷᠢ ᠪᠠᠶᠢᠳᠠᠯ ᠪᠠ ᠠᠮᠢᠳᠤᠯᠢᠭ ᠢᠶᠠᠷ ᠠᠵᠢᠯ ᠣᠯᠬᠤ ᠨᠢ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢᠨ ᠴᠢᠬᠤᠯᠠ ᠠᠷᠭ᠎ᠠ ᠵᠠᠮ ᠪᠣᠯᠪᠠ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠂ ᠴᠡᠷᠢᠭ ᠤᠨ ᠠᠯᠪᠠ ᠠᠴᠠ ᠪᠠᠭᠤᠭᠰᠠᠳ ᠂ ᠬᠥᠯᠥᠰᠦᠨ ᠠᠵᠢᠯᠴᠢᠨ ᠵᠡᠷᠭᠡ ᠬᠠᠮᠲᠤᠯᠢᠭ ᠲᠤ ᠠᠵᠢᠯ ᠣᠯᠭᠤᠬᠤ ᠠᠵᠢᠯ ᠢ ᠰᠠᠶᠢᠲᠤᠷ ᠬᠢᠪᠡ ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠵᠡᠷᠭᠡ ᠪᠡᠯᠡ ᠮᠥᠩᠭᠦ ᠪᠠᠷ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠳᠡᠮᠵᠢᠪᠡ ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ ᠨᠡᠮᠡᠵᠦ ᠡᠯᠰᠡᠭᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ ᠂ ᠨᠡᠶᠢᠳᠡ 413 ᠲᠦᠮᠡᠨ ᠰᠤᠷᠤᠬᠴᠢ ᠨᠡᠮᠡᠨ ᠡᠯᠰᠡᠵᠦ ᠂ 8300 ᠭᠠᠷᠤᠢ ᠲᠦᠮᠡᠨ ᠬᠥᠮᠥᠨ ᠤᠳᠠᠭ᠎ᠠ ᠪᠣᠯᠪᠠᠰᠤᠷᠠᠭᠤᠯᠪᠠ ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠂ ᠡᠳ᠋ ᠪᠠᠶᠠᠯᠢᠭ ᠤᠨ ᠰᠤᠷᠪᠤᠯᠵᠢ ᠮᠥᠨ ᠃ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠠᠵᠢᠯ ᠣᠯᠭᠤᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠵᠤ ᠴᠢᠳᠠᠭᠰᠠᠨ ᠶᠠᠪᠤᠳᠠᠯ ᠪᠣᠯ ᠲᠤᠩ ᠭᠢᠯᠪᠠᠷ ᠪᠤᠰᠤ ᠪᠥᠭᠡᠳ ᠲᠡᠭᠦᠨ ᠳᠤ ᠯᠤᠲᠤ ᠶᠡᠭᠡ ᠪᠦᠲᠦᠭᠡᠯᠴᠢ ᠬᠦᠴᠦᠨ ᠠᠭᠤᠯᠤᠭᠳᠠᠵᠤ ᠪᠠᠶᠢᠭ᠎ᠠ ᠶᠤᠮ ᠃      ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ ᠃ ᠳᠠᠭᠠᠷᠢᠯᠲᠠ ᠶᠢ ᠠᠷᠭᠠᠴᠠᠬᠤ ᠳᠤᠮᠳᠠ ᠤᠯᠠᠭᠠᠨ ᠲᠤᠭ᠎ᠠ ᠶᠢᠨ ᠬᠡᠪᠴᠢᠶ᠎ᠡ ᠶᠢ ᠦᠷᠭᠦᠯᠵᠢᠯᠡᠨ ᠶᠡᠭᠡ ᠬᠡᠮᠵᠢᠶ᠎ᠡ ᠪᠠᠷ ᠨᠡᠮᠡᠭᠳᠡᠭᠦᠯᠦᠭᠰᠡᠨ ᠦᠭᠡᠢ ᠂ ᠵᠣᠭᠤᠰ ᠢ ᠴᠦ ᠬᠡᠲᠦᠷᠡᠭᠦᠯᠦᠨ ᠲᠠᠷᠬᠠᠭᠠᠭᠰᠠᠨ ᠦᠭᠡᠢ ᠶᠠᠪᠤᠳᠠᠯ ᠨᠢ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠳᠤ ᠬᠤᠷᠸ᠎ᠠ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ ᠃ ᠲᠠᠷᠢᠶᠠᠯᠠᠩ ᠤᠨ ᠦᠢᠯᠡᠳᠪᠦᠷᠢᠯᠡᠯ ᠢ ᠶᠡᠭᠡ ᠬᠦᠴᠦ ᠣᠷᠣᠭᠤᠯᠤᠨ ᠠᠳᠬᠤᠵᠤ ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠯᠳᠤᠭᠤᠯᠬᠤ ᠪᠠ ᠨᠥᠭᠡᠴᠡᠯᠡᠨ ᠲᠣᠬᠢᠷᠠᠭᠤᠯᠬᠤ ᠶᠢ ᠴᠢᠩᠭᠠᠳᠬᠠᠵᠤ ᠂ ᠠᠮᠤ ᠪᠤᠳᠠᠭ᠎ᠠ ᠪᠣᠯᠣᠨ ᠭᠠᠭ᠋ᠠᠢ ᠂ ᠢᠳᠡᠰᠢᠨ ᠨᠣᠭᠤᠭ᠎ᠠ ᠵᠡᠷᠭᠡ ᠶᠢᠨ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠵᠤ ᠂ ᠨᠡᠭᠦᠷᠡᠰᠦ ᠴᠠᠭᠢᠯᠭᠠᠨ ᠬᠦᠴᠦᠨ ᠤ ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠂ ᠠᠷᠠᠳ ᠤᠨ ᠠᠮᠢᠳᠤᠷᠠᠯ ᠪᠠ ᠦᠢᠯᠡᠳᠪᠦᠷᠢᠯᠡᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠬᠠᠩᠭᠠᠵᠤ ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠪᠠ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠦᠨ᠎ᠡ ᠬᠠᠩᠰᠢ ᠶᠢᠨ ᠬᠡᠪ ᠤᠨ ᠡᠮᠬᠢ ᠵᠢᠷᠤᠮ ᠢ ᠬᠠᠮᠠᠭᠠᠯᠠᠪᠠ ᠃ ᠠᠷᠪᠠᠨ ᠵᠢᠯ ᠤᠨ ᠲᠤᠷᠰᠢ ᠮᠠᠨ ᠤ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ 2% ᠣᠷᠴᠢᠮ ᠤᠨ ᠨᠡᠯᠢᠶᠡᠳ ᠳᠣᠣᠷ᠎ᠠ ᠲᠦᠪᠰᠢᠨ ᠳᠤ ᠲᠣᠭᠲᠠᠪᠤᠷᠢᠵᠢᠭᠰᠠᠨ ᠨᠢ ᠭᠢᠯᠪᠠᠷᠬᠠᠨ ᠪᠡᠶᠡᠯᠡᠭᠳᠡᠭᠰᠡᠨ ᠰᠢᠭ ᠪᠤᠯᠪᠠᠴᠤ ᠦᠨᠡᠨ ᠳᠡᠭᠡᠨ ᠪᠡᠷᠬᠡ ᠬᠠᠲᠠᠭᠤᠵᠢᠯᠲᠠᠢ ᠪᠠᠶᠢᠵᠤ ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠨ ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠣᠷᠣᠨ ᠵᠠᠢ ᠬᠠᠩᠭᠠᠭᠰᠠᠨ ᠮᠥᠷᠲᠡᠭᠡᠨ ᠦᠨᠳᠦᠰᠦᠨ ᠠᠷᠠᠳ ᠤᠨ ᠠᠮᠢᠳᠤᠷᠠᠯ ᠢ ᠨᠡᠩ ᠰᠠᠶᠢᠲᠤᠷ ᠪᠠᠲᠤᠯᠠᠬᠤ ᠳᠤ ᠴᠤ ᠠᠰᠢᠭᠲᠠᠢ ᠪᠣᠯᠤᠭᠰᠠᠨ ᠶᠤᠮ ᠃      ︵ ᠬᠤᠶᠠᠷ ︶ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠬᠤᠭᠤᠴᠠᠭ᠎ᠠ ᠶᠣᠰᠣᠭᠠᠷ ᠢᠯᠠᠯᠲᠠ ᠣᠯᠵᠤ ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ ᠃ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠨᠢ ᠬᠥᠳᠡᠭᠡ ᠲᠣᠰᠬᠤᠨ ᠢᠯᠠᠩᠭᠤᠶ᠎ᠠ ᠶᠠᠳᠠᠭᠤ ᠬᠦᠴᠢᠷᠳᠡᠯ ᠲᠠᠢ ᠭᠠᠵᠠᠷ ᠣᠷᠣᠨ ᠳᠤ ᠪᠠᠶᠢᠬᠤ ᠶᠤᠮ ᠃ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠭᠦᠭᠦ ᠶᠢ ᠪᠠᠷᠢᠮᠲᠠᠯᠠᠵᠤ ᠂ ︽ ᠭᠤᠷᠪᠠᠨ ᠣᠷᠣᠨ ᠭᠤᠷᠪᠠᠨ ᠵᠧᠦ ︾ ᠵᠡᠷᠭᠡ ᠣᠨᠴᠠ ᠶᠠᠳᠠᠭᠤ ᠬᠦᠴᠢᠷᠳᠡᠯ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ ᠂ ᠲᠦᠷᠦ ᠶᠢᠨ ᠪᠣᠳᠣᠯᠭ᠎ᠠ ᠶᠢ ᠬᠡᠯᠪᠡᠶᠢᠯᠭᠡᠬᠦ ᠳᠡᠮᠵᠢᠯᠭᠡ ᠪᠠᠨ ᠴᠢᠩᠭᠠᠷᠠᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠡᠯᠡ ᠮᠥᠩᠭᠦ ᠶᠢᠨ ᠣᠷᠣᠭᠤᠯᠤᠯᠲᠠ ᠶᠢ ᠤᠷᠢᠳ ᠢᠶᠠᠷ ᠪᠠᠲᠤᠯᠠᠵᠤ ᠂ ᠶᠠᠳᠠᠭᠤ ᠠᠴᠠ ᠠᠩᠭᠢᠵᠢᠷᠠᠭᠤᠯᠬᠤ ᠳᠤ ᠬᠦᠴᠢᠷᠳᠡᠯ ᠶᠡᠬᠡᠲᠡᠢ ᠰᠢᠶᠠᠨ ᠪᠠ ᠲᠣᠰᠬᠤᠨ ᠢ ᠪᠣᠯ ᠫᠠᠶᠢᠰᠠ ᠡᠯᠭᠦᠨ ᠰᠢᠪᠠᠳᠠᠨ ᠬᠢᠯᠭᠡᠪᠡ ᠃ ᠠᠵᠤ ᠦᠢᠯᠡᠰ ᠂ ᠠᠵᠢᠯ ᠣᠯᠭᠤᠯᠲᠠ ᠂ ᠠᠮᠢ ᠠᠬᠤᠢ ᠂ ᠰᠤᠷᠭᠠᠨ ᠬᠥᠮᠦᠵᠢᠯ ᠂ ᠡᠷᠡᠭᠦᠯ ᠮᠡᠨᠳᠦ ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠠᠪᠰᠤᠷᠤᠨ ᠲᠡᠳᠭᠦᠭᠦ ᠶᠢ ᠭᠦᠨᠵᠡᠭᠡᠢ ᠬᠡᠷᠡᠭᠵᠢᠭᠦᠯᠵᠦ ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠲᠠᠮᠵᠢᠭᠦ ᠠᠵᠢᠯ ᠢ ᠴᠢᠩᠭᠠᠳᠬᠠᠵᠤ ᠂ ︽ ᠬᠤᠶᠠᠷ ᠤᠨ ᠲᠥᠯᠥᠭᠡ ᠵᠣᠪᠠᠭ᠋ᠤ ᠦᠭᠡᠢ ᠂ ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ ︾ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠭᠰᠡᠨ ᠢᠶᠠᠷ ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠢᠳᠡᠵᠦ ᠡᠮᠦᠰᠭᠦ ᠳᠡᠭᠡᠨ ᠵᠣᠪᠠᠭ᠋ᠤ ᠦᠭᠡᠢ ᠪᠣᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠂ ᠦᠨᠳᠦᠰᠦᠨ ᠡᠮᠨᠡᠯᠭᠡ ᠂ ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ ᠪᠠᠲᠤᠯᠠᠭ᠎ᠠ ᠲᠠᠢ ᠪᠣᠯᠤᠭᠰᠠᠨ ᠪᠥᠭᠡᠳ ᠢᠳᠡᠬᠦ ᠤᠰᠤᠨ ᠤ ᠠᠮᠤᠷ ᠲᠦᠪᠰᠢᠨ ᠨᠢ ᠴᠦ ᠪᠠᠲᠤᠯᠠᠭ᠎ᠠ ᠲᠠᠢ ᠪᠣᠯᠪᠠ ᠃ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠢᠯᠡᠳᠲᠡ ᠨᠡᠮᠡᠭᠳᠡᠵᠦ ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠢᠯᠡᠳᠲᠡ ᠰᠠᠶᠢᠵᠢᠷᠠᠪᠠ ᠃      ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠬᠤ ᠶᠢ ᠠᠬᠢᠭᠤᠯᠪᠠ ᠃ ᠰᠢᠯᠵᠢᠯᠲᠡ ᠶᠢᠨ ᠬᠤᠭᠤᠴᠠᠭᠠᠨ ᠳᠤ ᠭᠤᠣᠯ ᠪᠤᠯᠬᠤ ᠬᠠᠪᠰᠤᠷᠤᠨ ᠲᠡᠳᠭᠦᠭᠦ ᠲᠥᠷᠥ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ ᠂ ︽ ᠳᠥᠷᠪᠡ ᠶᠢ ᠦᠯᠦ ᠬᠤᠪᠢᠷᠠᠭᠤᠯᠬᠤ ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠭᠡᠮᠵᠢᠭᠦ ᠪᠠ ᠬᠠᠪᠰᠤᠷᠤᠨ ᠲᠡᠳᠭᠦᠭᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠬᠢᠵᠢᠭ ᠂ ᠭᠠᠮᠰᠢᠭ ᠵᠡᠷᠭᠡ ᠠᠰᠢᠭ ᠦᠭᠡᠢ ᠨᠥᠯᠥᠭᠡ ᠶᠢ ᠬᠦᠴᠦᠲᠡᠢ ᠠᠷᠭᠠᠴᠠᠵᠤ᠂ ᠬᠡᠪᠴᠢᠶᠡᠲᠦ ᠴᠢᠨᠠᠷᠲᠠᠢ ᠲᠠᠭᠢᠨ ᠶᠠᠳᠠᠭᠤᠷᠠᠯ ᠦᠯᠦ ᠡᠭᠦᠰᠭᠦ ᠶᠢ ᠦᠨᠡᠨ ᠬᠦ ᠪᠠᠲᠤᠯᠠᠪᠠ ᠃ 160 ᠰᠢᠶᠠᠨ ᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠭᠦᠭᠦ ᠰᠢᠶᠠᠨ ᠢᠶᠠᠷ ᠲᠣᠭᠲᠠᠭᠠᠬᠤ ᠶᠢᠨ ᠬᠠᠮᠲᠤ ᠲᠥᠪᠯᠡᠷᠡᠭᠦᠯᠦᠨ ᠳᠠᠮᠵᠢᠵᠤ ᠂ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ ᠂ ᠵᠡᠭᠦᠨ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ ᠂ ᠴᠡᠭ ᠲᠣᠭᠲᠠᠭᠠᠨ ᠬᠠᠪᠰᠤᠷᠤᠨ ᠲᠡᠳᠭᠦᠭᠦ ᠵᠡᠷᠭᠡ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ ᠂ ᠡᠮᠴᠢᠯᠡᠭᠡ ᠂ ᠰᠤᠷᠭᠠᠨ ᠬᠥᠮᠦᠵᠢᠯ ᠤᠨ ︽ ᠪᠦᠯᠭᠦᠮ ᠮᠠᠶ᠋ᠢᠭ ︾ ᠤᠨ ᠬᠠᠪᠰᠤᠷᠤᠨ ᠲᠡᠳᠭᠦᠭᠦ ᠺᠠᠳ᠋ᠷ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠵᠤ ᠰᠠᠶᠢᠲᠤᠷ ᠬᠡᠷᠡᠭᠯᠡᠨ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠪᠠ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠪᠠ ᠃      ︵ ᠭᠤᠷᠪᠠ ︶ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠪᠡ ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠳᠤᠮᠳᠠ ᠰᠢᠢᠳᠪᠦᠷᠢᠯᠡᠭᠴᠢ ᠴᠢᠨᠠᠷᠲᠠᠢ ᠦᠢᠯᠡᠳᠦᠯ ᠭᠠᠷᠭᠠᠭᠤᠯᠵᠤ ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠪᠠ ᠃      ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠪᠠ ᠃ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠯᠡᠨ ᠪᠠᠶᠢᠭᠤᠯᠵᠤ ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠭᠰᠠᠨ ᠤᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠪᠠ ᠃ ᠶᠡᠭᠡ ᠶᠣᠰᠣᠨ ᠠᠨᠤ ᠶᠠᠪᠤᠭᠤᠯᠬᠤᠢ ᠳᠤᠷ ᠲᠦᠭᠦᠮ ᠂ ᠵᠠᠰᠠᠭ ᠴᠣᠮᠬᠠᠨ ᠪᠦᠭᠡᠰᠦ ᠭᠦᠢᠴᠡᠳᠬᠡᠬᠦᠢ ᠳᠤᠷ ᠭᠢᠯᠪᠠᠷ ᠃ ᠵᠠᠰᠠᠭ ᠤᠨ ᠣᠷᠳᠣᠨ ᠤ ᠳᠤᠰ ᠪᠡᠶ᠎ᠡ ᠶᠢᠨ ᠠᠰᠢᠭ ᠲᠤᠰᠠ ᠶᠢ ᠭᠦᠨᠳᠡᠭᠦ ᠥᠭᠡᠷᠡᠴᠢᠯᠡᠯᠲᠡ ᠶᠢ ᠰᠢᠨᠲᠠᠷᠠᠰᠢ ᠦᠭᠡᠢ ᠠᠬᠢᠭᠤᠯᠪᠠ ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠵᠤ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠦᠨ ᠂ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠳᠦᠷᠢᠮ ᠢ ᠪᠠᠶᠢᠭᠤᠯᠬᠤ ᠡᠬᠢᠨ ᠤ ᠦᠶ᠎ᠡ ᠶᠢᠨ ᠬᠢ ᠲᠠᠢ ᠠᠳᠠᠯᠢᠳᠬᠠᠪᠠᠯ 64% ᠪᠠᠷ ᠴᠥᠭᠡᠳᠬᠡᠵᠦ ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠴᠥᠮ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠪᠠ ᠃ ᠤᠯᠠᠨ ᠵᠢᠯ ᠤᠨ ᠲᠤᠷᠰᠢ 1000 ᠭᠠᠷᠤᠢ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠤᠯᠭᠠᠬᠰᠠᠨ ᠪᠠ ᠳᠣᠷᠣᠭᠰᠢ ᠪᠠᠭᠤᠯᠭᠠᠵᠤ ᠂ ᠲᠥᠪ ᠵᠠᠰᠠᠭ ᠤᠨ ᠣᠷᠳᠣᠨ ᠤ ᠳᠡᠰ ᠳᠠᠪᠬᠤᠷᠭ᠎ᠠ ᠠᠴᠠ ᠬᠢᠨᠠᠨ ᠵᠥᠪᠰᠢᠶᠡᠷᠡᠬᠦ ᠪᠡᠯᠡ ᠤᠷᠤᠭᠤᠯᠤᠯᠳᠠ ᠶᠢᠨ ᠲᠥᠰᠥᠯ ᠢ 90% ᠠᠴᠠ ᠳᠡᠭᠡᠭᠰᠢ ᠴᠥᠭᠡᠳᠬᠡᠨ ᠂ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ 60 ᠲᠥᠷᠥᠯ ᠪᠠᠶᠢᠭᠰᠠᠨ ᠠᠴᠠ ᠨᠢ ᠴᠥᠭᠡᠳᠬᠡᠭᠡᠳ 10 ᠲᠥᠷᠥᠯ ᠪᠤᠯᠭᠠᠵᠤ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠪᠦᠭᠦ ᠶᠠᠪᠤᠴᠠ ᠶᠢᠨ ᠬᠢᠨᠠᠨ ᠵᠥᠪᠰᠢᠶᠡᠷᠡᠬᠦ ᠴᠠᠭ ᠢ 120 ᠠᠵᠢᠯ ᠤᠨ ᠡᠳᠦᠷ ᠠᠴᠠ ᠬᠡᠲᠦᠷᠡᠭᠦᠯᠬᠦ ᠦᠭᠡᠢ ᠪᠣᠯᠭᠠᠨ ᠪᠣᠭᠤᠨᠢᠰᠬᠠᠪᠠ ᠃ ᠬᠤᠳᠠᠯᠳᠤᠭᠠᠨ ᠤ ᠶᠠᠪᠤᠳᠠᠯ ᠤᠨ ᠳᠦᠷᠢᠮ ᠢ ᠥᠭᠡᠷᠡᠴᠢᠯᠡᠵᠦ ᠂ ︽ ᠦᠨᠡᠮᠯᠡᠯ ᠭᠡᠷᠡᠴᠢ ᠶᠢ ᠰᠠᠯᠭᠠᠬᠤ ︾ ᠥᠭᠡᠷᠡᠴᠢᠯᠡᠯᠲᠡ ᠶᠢ ᠬᠡᠷᠡᠭᠵᠢᠭᠦᠯᠵᠦ ᠂ ᠠᠵᠤ ᠠᠬᠤᠶᠢᠯᠠᠯ ᠨᠡᠭᠡᠭᠡᠨ ᠡᠷᠭᠢᠯᠡᠭᠦ ᠭᠠᠷ ᠭᠦᠢᠴᠡᠳᠬᠡᠯ ᠤᠨ ᠴᠠᠭ ᠢ ᠨᠢᠭᠡ ᠰᠠᠷ᠎ᠠ ᠭᠠᠷᠤᠢ ᠪᠠᠶᠢᠭᠰᠠᠨ ᠠᠴᠠ ᠤᠳᠤ ᠶᠢᠨ ᠳᠤᠮᠳᠠᠴᠢ ᠪᠠᠷ 4 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠩᠰᠠᠨ ᠠᠴᠠ ᠬᠠᠰᠤᠭᠤᠯᠬᠤ ᠳᠦᠭᠦᠮ ᠳᠦᠷᠢᠮ ᠢ ᠬᠡᠷᠡᠭᠵᠢᠭᠦᠯᠪᠡ ᠃ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠨ ᠂ ᠬᠡᠷᠡᠭ ᠤᠨ ᠳᠤᠮᠳᠠᠬᠢ ᠬᠢᠨᠠᠯᠲᠠ ᠪᠠ ᠬᠡᠷᠡᠭ ᠤᠨ ᠳᠠᠷᠠᠭᠠᠬᠢ ᠬᠢᠨᠠᠯᠲᠠ ᠶᠢ ᠴᠢᠩᠭᠠᠳᠬᠠᠵᠤ ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠢᠨᠠᠯᠲᠠ ᠬᠠᠮᠢᠶᠠᠷᠤᠯᠲᠠ ᠳᠤᠲᠠᠭᠳᠠᠬᠤ ᠂ ᠡᠷᠬᠡ ᠶᠢ ᠪᠠᠭᠤᠯᠭᠠᠬᠤ ᠶᠢ ᠴᠢᠬᠤᠯᠠᠴᠢᠯᠠᠨ ᠬᠠᠮᠢᠶᠠᠷᠤᠯᠲᠠ ᠶᠢ ᠬᠥᠩᠭᠡᠪᠴᠢᠯᠡᠬᠦ ᠶᠢ ᠰᠡᠷᠭᠡᠶᠢᠯᠡᠨ ᠬᠤᠷᠢᠭᠯᠠᠵᠤ ᠂ ᠢᠳᠡᠭᠡᠨ ᠤ ᠵᠦᠢᠯ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ︽ ᠬᠤᠶᠠᠷ ᠢ ᠲᠣᠬᠢᠶᠠᠯᠳᠤᠯ ᠢᠶᠠᠷ ᠰᠣᠩᠭᠤᠬᠤ ᠂ ᠨᠢᠭᠡ ᠶᠢ ᠢᠯᠡ ᠪᠤᠯᠭᠠᠬᠤ ︾ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠦᠨ ᠲᠥᠪ ᠭᠤᠤᠯᠴᠢ ᠬᠢᠨᠠᠨ ᠬᠠᠮᠢᠶᠠᠷᠬᠤ ᠶᠢ ᠴᠢᠩᠭᠠᠳᠬᠠᠵᠤ ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢ ᠵᠢᠷᠤᠮᠵᠢᠭᠤᠨ ᠬᠡᠷᠡᠭᠵᠢᠭᠦᠯᠪᠡ ᠃ ᠮᠣᠨᠣᠫᠤᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ ᠂ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠮᠣᠨᠣᠫᠤᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢᠨ ᠪᠠᠶᠢᠭᠤᠯᠤᠯ ᠢ ᠥᠭᠡᠷᠡᠴᠢᠯᠡᠪᠡ ᠃ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ ᠂ ᠬᠥᠷᠥᠩᠭᠡ ᠶᠢᠨ ᠡᠮᠬᠢ ᠵᠢᠷᠤᠮ ᠦᠭᠡᠢ ᠥᠷᠭᠡᠵᠢᠬᠦ ᠶᠢ ᠬᠠᠤᠯᠢ ᠶᠣᠰᠣᠭᠠᠷ ᠡᠷᠡᠰ ᠬᠠᠮᠢᠶᠠᠷᠤᠨ ᠡᠵᠡᠮᠳᠡᠪᠡ ᠃ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠷᠠᠭᠤᠯᠤᠨ ᠭᠦᠢᠴᠡᠳᠬᠡᠬᠦ ᠶᠢ ᠠᠬᠢᠭᠤᠯᠵᠤ ᠂ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠪᠠᠭᠠᠰᠬᠠᠨ ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ ᠂ 90%  ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠵᠦ ᠪᠤᠯᠬᠤ ᠪᠤᠯᠭᠠᠵᠦ ᠂ ᠡᠷᠦᠭᠡ ᠠᠮᠠ ᠶᠢᠨ ᠭᠡᠷᠡᠴᠢᠯᠡᠯ ᠂ ᠨᠡᠶᠢᠭᠡᠮ ᠤᠨ ᠳᠠᠭᠠᠳᠬᠠᠯ ᠢ ᠰᠢᠯᠵᠢᠭᠦᠯᠦᠨ ᠵᠠᠯᠭᠠᠭᠤᠯᠬᠤ ᠵᠡᠷᠭᠡ 200 ᠭᠠᠷᠤᠢ ᠵᠦᠢᠯ ᠤᠨ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠦᠢᠯᠡᠰ ᠢ ᠮᠤᠵᠢ ᠠᠯᠤᠰᠯᠠᠨ ᠭᠦᠢᠴᠡᠳᠬᠡᠬᠦ ᠪᠣᠯᠭᠠᠪᠠ ᠃ ᠲᠦᠷᠭᠡᠨ ᠳᠠᠪᠬᠢᠬᠤ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠪᠤᠶ ᠪᠦᠬᠦᠢ ᠰᠦᠢᠳᠬᠡᠯ ᠬᠤᠷᠢᠶᠠᠬᠤ ᠥᠷᠲᠡᠭᠡ ᠶᠢ ᠬᠠᠰᠤᠪᠠ ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠠᠩᠰᠠᠯᠠᠨ ᠬᠠᠮᠢᠶᠠᠷᠬᠤ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠬᠤ ᠂ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠦᠭᠭᠦ  ᠶᠢ ᠪᠠᠲᠤᠯᠠᠬᠤ ᠵᠡᠷᠭᠡ ᠳᠦᠷᠢᠮ ᠢ ᠲᠣᠭᠲᠠᠭᠠᠨ ᠬᠡᠷᠡᠭᠵᠢᠭᠦᠯᠪᠡ ᠃ ᠥᠭᠡᠷᠡᠴᠢᠯᠡᠯᠲᠡ ᠨᠢ ᠬᠥᠮᠥᠰ ᠤᠨ ᠠᠷᠠᠯᠵᠢᠶ᠎ᠠ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠦ ᠳᠤ ᠨᠠᠩ ᠤᠯᠠᠨ ᠳᠥᠭᠦᠮ ᠨᠥᠬᠦᠴᠡᠯ ᠪᠠ ᠣᠷᠣᠨ ᠵᠠᠢ ᠬᠠᠩᠭᠠᠵᠤ ᠂ ᠨᠢᠳᠤᠨᠤᠨ ᠤ ᠵᠢᠯ ᠤᠨ ᠡᠴᠦᠰ ᠲᠤ ᠠᠵᠤ ᠠᠬᠤᠶᠢᠯᠠᠯ ᠤᠨ ᠲᠤᠭ᠎ᠠ 5200 ᠲᠦᠮᠡ ᠶᠢ ᠳᠠᠪᠠᠵᠤ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 1.1 ᠳ᠋ᠦᠩᠰᠢᠭᠤᠷ ᠢ ᠳᠠᠪᠠᠵᠤ ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠶᠡᠷᠦᠩᠬᠡᠢ ᠲᠤᠭ᠎ᠠ 1.6 ᠳ᠋ᠦᠡᠭᠰᠢᠭᠤᠷ ᠢ ᠳᠠᠪᠠᠵᠤ ᠂ ᠠᠷᠪᠠᠨ ᠵᠢᠯ ᠤᠨ ᠡᠮᠦᠨᠡᠬᠢ ᠠᠴᠠ 3 ᠳᠠᠭᠢᠨ ᠪᠣᠯᠣᠭᠠᠳ ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠨᠢ ᠢᠯᠡᠳᠲᠡ ᠴᠢᠩᠭᠠᠷᠠᠪᠠ ᠃      ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠮᠲᠤ ᠪᠠᠷ ᠭᠦᠭᠵᠢᠭᠦ ᠶᠢ ᠠᠬᠢᠭᠤᠯᠪᠠ ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ︽ ᠬᠤᠶᠠᠷ ᠥᠴᠥᠬᠡᠨ ᠴᠦ ᠭᠤᠶᠢᠪᠢᠰᠢ ᠦᠭᠡᠢ ︾ ᠶᠢ ᠪᠠᠷᠢᠮᠲᠠᠯᠠᠪᠠ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠦᠷᠢᠨᠰᠢᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ ᠰᠢᠯᠢᠳᠡᠭᠵᠢᠭᠦᠯᠦᠨ ᠲᠠᠭᠢᠨ ᠵᠣᠬᠢᠶᠠᠨ ᠪᠠᠶᠢᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠭᠦᠭᠵᠢᠭᠦ ᠶᠢ ᠠᠬᠢᠭᠤᠯᠵᠤ ᠂ ᠡᠯ᠎ᠡ ᠵᠦᠢᠯ ᠤᠨ ᠳᠠᠯᠳᠠ ᠪᠠᠬᠢᠯᠡᠯᠲᠡ ᠶᠢ ᠡᠪᠳᠡᠵᠦ ᠂ ᠨᠢᠭᠡ ᠯᠡ ᠠᠳᠠᠯᠢ ᠪᠠᠷ ᠲᠦᠷᠦ  ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠂ ᠠᠷᠠᠳ ᠤᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢ ᠬᠥᠪᠴᠢᠯᠡᠪᠡ ᠃ ᠥᠮᠴᠢᠯᠡᠯ ᠤᠨ ᠡᠷᠬᠡ ᠶᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠪᠠ ᠃      ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠪᠠ ᠃ ᠲᠥᠰᠥᠪ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠲᠥᠰᠥᠪ ᠢ ᠢᠯᠡ ᠪᠤᠯᠭᠠᠬᠤ ᠡᠷᠴᠢᠮ ᠢ ᠴᠢᠩᠭᠠᠷᠠᠭᠤᠯᠵᠤ ᠂ ᠲᠥᠪ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠶᠡᠷᠦᠩᠬᠡᠶᠢᠯᠡᠬᠦ ᠪᠠ ᠲᠦᠷᠦᠯ ᠬᠤᠪᠢᠶᠠᠬᠤ ᠶᠢ ᠤᠶᠠᠯᠳᠤᠭᠤᠯᠤᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠳᠦᠷᠢᠮ ᠢ ᠪᠠᠶᠢᠭᠤᠯᠤᠨ ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ ᠂ ᠳᠤᠮᠳᠠ ᠵᠢᠵᠢᠭ ᠪᠠᠩᠬᠢ  ᠶᠢᠨ ᠬᠥᠷᠥᠩᠭᠡ ᠪᠠᠨ ᠨᠥᠬᠦᠪᠦᠷᠢᠯᠡᠬᠦ ᠪᠠ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠰᠲ᠋ᠣᠺ ᠲᠠᠷᠬᠠᠭᠠᠬᠤ ᠳᠠᠩᠰᠠᠯᠠᠭᠤᠯᠬᠤ ᠳᠦᠷᠢᠮᠲᠦ ᠥᠭᠡᠷᠡᠴᠢᠯᠡᠯᠲᠡ ᠶᠢ ᠠᠬᠢᠭᠤᠯᠵᠤ ᠂ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠲᠡᠭᠦᠯᠳᠡᠷᠵᠢᠭᠦᠯᠵᠦ ᠂ ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠪᠠ ᠃      ︵ ᠳᠥᠷᠪᠡ ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠠᠵᠤ ᠦᠢᠯᠡᠰ  ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ ᠶᠢ ᠠᠬᠢᠭᠤᠯᠪᠠ ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠯᠤᠰ ᠤᠨ ᠪᠠ ᠣᠷᠣᠨ ᠨᠤᠲᠤᠭ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ ᠂ ᠰᠢᠨ᠎ᠡ ᠶᠢ ᠡᠭᠦᠳᠭᠦ ᠳᠤ ᠴᠢᠩᠭ᠎ᠠ ᠲᠦᠰᠢᠭᠯᠡᠨ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ ᠂ ᠭᠠᠳᠠᠨ᠎ᠠ ᠠᠴᠠ ᠢᠷᠡᠬᠦ ᠳᠠᠷᠤᠯᠲᠠ ᠬᠤᠷᠢᠭᠯᠠᠯᠲᠠ ᠶᠢ ᠪᠦᠲᠦᠮᠵᠢᠲᠡᠶ ᠠᠷᠭᠠᠴᠠᠪᠠ ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠪᠠ ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠷᠠᠭᠤᠯᠵᠤ ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠴᠢᠬᠤᠯᠠ ᠶᠡᠭᠡ ᠲᠥᠰᠥᠯ ᠢ ᠬᠡᠷᠡᠭᠵᠢᠭᠦᠯᠵᠦ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠪᠠ ᠃ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠬᠥᠭᠵᠢᠯᠲᠡ ᠶᠢ ᠲᠡᠮᠵᠢᠪᠡ ᠃ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠤᠨ ᠪᠠᠶᠢᠭᠤᠯᠤᠯᠲᠠ ᠶᠢ ᠠᠬᠢᠭᠤᠯᠵᠤ ᠂ ᠶᠡᠷᠦᠩᠬᠡᠶᠢᠯᠡᠭᠰᠡᠨ ᠴᠢᠨᠠᠷᠲᠠᠢ ᠤᠯᠤᠰ ᠤᠨ ᠰᠢᠨᠵᠢᠯᠡᠬᠦ ᠤᠬᠠᠭᠠᠨ ᠤ ᠲᠥᠪ ᠢ ᠪᠠᠶᠢᠷᠢᠯᠠᠭᠤᠯᠵᠤ ᠪᠦᠲᠦᠭᠡᠨ ᠪᠠᠶᠢᠭᠤᠯᠪᠠ ᠃ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠳᠡᠮᠵᠢᠵᠦ ᠂ ᠪᠦᠭᠦ ᠤᠯᠤᠰ ᠤᠨ ᠰᠠᠭᠤᠷᠢ ᠰᠤᠳᠤᠯᠭᠠᠨ ᠤ ᠵᠠᠷᠤᠳᠠᠯ ᠢ ᠲᠠᠪᠤᠨ ᠵᠢᠯ ᠳᠤ 1 ᠲᠠᠭᠢᠨ ᠨᠡᠮᠡᠭᠳᠡᠭᠦᠯᠪᠡ ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠵᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠡᠩ ᠶᠡᠭᠡ ᠡᠵᠡᠨ ᠮᠡᠳᠡᠭᠦ ᠡᠷᠬᠡ ᠣᠯᠭᠤᠵᠤ ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠲᠦᠪᠡᠭ ᠪᠤᠳᠤᠯᠢᠶᠠᠨᠲᠠᠢ ᠵᠠᠰᠠᠭ ᠵᠠᠬᠢᠷᠭᠠᠨ ᠤ ᠠᠵᠢᠯ ᠶᠠᠪᠤᠳᠠᠯ ᠠᠴᠠ ᠴᠢᠯᠦᠭᠡᠯᠡᠬᠦ ᠪᠠᠷ ᠴᠢᠷᠮᠠᠶᠢᠪᠠ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ ᠂ ᠰᠢᠨ᠎ᠡ ᠶᠢ ᠡᠭᠦᠳᠭᠦ ᠬᠥᠳᠡᠯᠭᠡᠭᠴᠢ ᠬᠦᠴᠦᠨ ᠢ ᠬᠥᠭᠵᠢᠭᠡᠪᠡ ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠪᠠ ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠠᠵᠤ ᠠᠬᠤᠶᠢᠯᠠᠯ ᠤᠨ ᠰᠢᠨ᠎ᠡ ᠶᠢ ᠡᠭᠦᠳᠭᠦ ᠶᠢ ᠤᠷᠮᠠᠰᠢᠭᠤᠯᠤᠨ ᠵᠣᠷᠢᠭᠵᠢᠭᠤᠯᠵᠤ ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠦᠢᠯᠡᠳᠭᠦ ᠦᠢᠯᠡᠰ ᠤᠨ ᠠᠵᠤ ᠠᠬᠤᠶᠢᠯᠠᠯ ᠂ ᠰᠢᠨᠵᠢᠯᠡᠬᠦ ᠤᠬᠠᠭᠠᠨ ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠢ ᠶᠢ ᠲᠤᠰ ᠲᠤᠰ 50% ᠂ 75% ᠪᠠᠶᠢᠭᠰᠠᠨ ᠠᠴᠠ ᠨᠢ 100% ᠪᠤᠯᠲᠠᠯ᠎ᠠ ᠳᠡᠭᠡᠭᠰᠢᠯᠡᠭᠦᠯᠦᠭᠰᠡᠨ ᠪᠥᠭᠡᠳ ᠲᠣᠬᠢᠷᠠᠭᠤᠯᠤᠨ ᠬᠡᠷᠡᠭᠯᠡᠵᠦ ᠪᠤᠯᠬᠤ ᠪᠤᠢ ᠪᠦᠬᠦᠢ ᠠᠵᠢᠯ ᠲᠦᠷᠦᠯ ᠳᠤ ᠭᠦᠷᠳᠡᠯ᠎ᠠ ᠱᠠᠲᠤ ᠦᠶᠡᠴᠢ ᠴᠢᠨᠠᠷᠲᠠᠢ ᠪᠠᠷ ᠥᠷᠭᠡᠳᠬᠡᠵᠦ ᠂ ᠠᠵᠤ ᠠᠬᠤᠶᠢᠯᠠᠯ ᠤᠨ ᠰᠠᠭᠤᠷᠢ ᠰᠤᠳᠤᠯᠭᠠᠨ ᠳᠤ ᠤᠷᠤᠭᠤᠯᠤᠯᠳᠠ ᠬᠢᠬᠦ ᠂ ᠲᠥᠬᠦᠭᠡᠷᠦᠮᠵᠢ ᠬᠤᠳᠠᠯᠳᠤᠨ ᠠᠪᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠂ ᠰᠢᠨ᠎ᠡ ᠶᠢ ᠡᠭᠦᠳᠭᠦ ᠶᠢ ᠳᠡᠮᠵᠢᠭᠦ ᠡᠯ᠎ᠡ ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠣᠨ ᠤ ᠬᠡᠪᠴᠢᠶ᠎ᠡ ᠨᠢᠭᠡᠨᠲᠡ ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ ᠃ ᠰᠢᠨ᠎ᠡ ᠶᠢ ᠡᠭᠦᠳᠭᠦ  ᠶᠢ ᠳᠡᠮᠵᠢᠭᠦ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠡᠭᠦᠳᠦᠨ ᠪᠠᠶᠢᠭᠤᠯᠵᠤ ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠵᠡᠷᠭᠡ  ᠶᠢᠨ ᠬᠥᠭᠵᠢᠯᠲᠡ ᠶᠢ ᠬᠥᠲᠥᠯᠥᠨ ᠵᠢᠯᠣᠭᠤᠳᠪᠠ ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠪᠠᠨ ᠪᠠᠲᠤᠯᠠᠵᠤ ᠂ ᠰᠢᠨ᠎ᠡ ᠶᠢ ᠡᠭᠦᠳᠭᠦ ᠠᠵᠤ ᠠᠬᠤᠶᠢᠯᠠᠯ ᠦᠯᠡᠮᠵᠢ ᠤᠯᠠᠨ ᠴᠣᠯᠭᠤᠷᠠᠨ ᠭᠠᠷᠪᠠ ᠃      ᠠᠵᠤ ᠦᠢᠯᠡᠰ ᠤᠨ ᠳᠤᠮᠳᠠ ᠳᠡᠭᠡᠳᠦ ᠲᠡᠰ ᠲᠤ ᠳᠠᠪᠰᠢᠭᠦ ᠶᠢ ᠠᠬᠢᠭᠤᠯᠪᠠ ᠃ ᠦᠢᠯᠡᠳᠭᠦ ᠦᠢᠯᠡᠰ ᠢ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠬᠦ  ᠶᠢᠨ ᠭᠤᠣᠯᠳᠠᠯᠭ᠎ᠠ ᠪᠤᠯᠭᠠᠵᠤ ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠠᠬᠢᠭᠤᠯᠵᠤ ᠂ ᠦᠢᠯᠡᠳᠭᠦ ᠦᠢᠯᠡᠰ ᠤᠨ ᠬᠤᠪᠢ ᠶᠢᠨ ᠵᠢᠩ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠪᠠ ᠃ ᠣᠷᠴᠢᠨ ᠠᠬᠤᠢ ᠶᠢᠨ ᠬᠠᠮᠠᠭᠠᠯᠠᠯᠲᠠ ᠂ ᠶᠠᠰᠤ ᠴᠢᠨᠠᠷ ᠂ ᠠᠮᠤᠷ ᠲᠦᠪᠰᠢᠨ ᠵᠡᠷᠭᠡ ᠲᠠᠯ᠎ᠠ ᠪᠠᠷ ᠬᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠪᠡ ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯᠯᠠᠭ᠎ᠠ ᠥᠷᠨᠢᠭᠦᠯᠪᠡ ᠃ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠨᠢᠭᠡ ᠪᠦᠯᠦᠭ ᠢᠨᠵᠧᠨᠧᠷᠢᠩ ᠢ ᠡᠬᠢᠯᠡᠭᠦᠯᠪᠡ ᠃ ᠠᠵᠤ ᠠᠬᠤᠶᠢᠯᠠᠯ ᠤᠨ ᠲᠥᠬᠦᠭᠡᠷᠦᠮᠵᠢ ᠪᠠᠨ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠪᠠᠨ ᠲᠦᠷᠭᠡᠳᠬᠡᠬᠦ ᠶᠢ ᠵᠣᠷᠢᠭᠵᠢᠭᠤᠯᠵᠤ ᠂ ᠲᠣᠭᠲᠠᠮᠠᠯ ᠡᠳ᠋ ᠬᠥᠷᠥᠩᠭᠡ ᠶᠢᠨ ᠡᠯᠡᠭᠳᠡᠯ ᠢ ᠪᠤᠳᠤᠬᠤ ᠬᠤᠭᠤᠴᠠᠭ᠎ᠠ ᠶᠢ ᠪᠣᠭᠤᠨᠢᠰᠬᠠᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠪᠦᠭᠦ ᠦᠢᠯᠡᠳᠭᠦ ᠦᠢᠯᠡᠰ ᠲᠤ ᠭᠦᠷᠳᠡᠯ᠎ᠡ ᠥᠷᠭᠡᠳᠬᠡᠪᠡ ᠃ ᠳᠡᠭᠡᠳᠦ ᠲᠡᠰ ᠤᠨ ᠲᠣᠨᠣᠭᠯᠠᠯ ᠂ ᠠᠮᠢᠳᠤ ᠪᠣᠳᠠᠰ ᠤᠨ ᠡᠮ ᠡᠮᠨᠡᠯᠭᠡ ᠂ ᠭᠡᠷᠡᠯ ᠡᠯᠧᠺᠲᠷᠣᠨ ᠤ ᠮᠡᠳᠡᠭᠡ ᠵᠠᠩᠭᠢ ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ ᠂ ᠭᠡᠷᠡᠯ ᠴᠠᠭᠢᠯᠭᠠᠨ ᠂ ᠰᠠᠯᠬᠢᠨ ᠴᠠᠭᠢᠯᠭᠠᠨ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠭᠡᠯᠡᠨ ᠭᠦᠭᠵᠢᠭᠦ ᠶᠢ ᠠᠬᠢᠭᠤᠯᠪᠠ ᠃ ᠳ᠋ᠢᠵᠢᠲ᠋ᠠᠯ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ  ᠢ ᠠᠬᠢᠭᠤᠯᠪᠠ ᠃ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ ᠂ ︽ ᠢᠨᠲ᠋ᠧᠷ ᠰᠦᠯᠵᠢᠶ᠎ᠡ + ︾  ᠶᠢ ᠬᠥᠭᠵᠢᠭᠦᠯᠪᠡ ᠃ ᠰᠢᠯᠵᠢᠮᠡᠯ ᠢᠨᠲ᠋ᠧᠷ ᠰᠦᠯᠵᠢᠶ᠎ᠡ ᠬᠡᠷᠡᠭᠯᠡᠬᠦ ᠡᠷᠥᠭᠡ ᠶᠢᠨ ᠲᠤᠭ᠎ᠠ 14.5 ᠳ᠋ᠦᠩᠰᠢᠭᠤᠷ ᠪᠤᠯᠳᠠᠯ᠎ᠠ ᠨᠡᠮᠡᠭᠳᠡᠪᠡ ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢ ᠳᠠᠮᠵᠢᠵᠤ ᠂ ᠥᠢᠯᠡᠳᠭᠦ ᠦᠢᠯᠡᠰ ᠤᠨ ᠳ᠋ᠢᠵᠢᠲ᠋ᠠᠯᠴᠢᠯᠠᠯᠳᠠ ᠣᠶᠤᠨᠴᠢᠯᠠᠯᠲᠠ ᠶᠢ ᠬᠦᠴᠦᠲᠡᠢ ᠠᠬᠢᠭᠤᠯᠪᠠ ᠃ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ 7 ᠲᠦᠮᠡ ᠭᠠᠷᠤᠢ ᠪᠣᠯᠪᠠ ᠃ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠦᠷᠭᠦᠯᠵᠢᠯᠡᠨ ᠭᠦᠭᠵᠢᠭᠦ ᠶᠢ ᠠᠬᠢᠭᠤᠯᠵᠤ ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ ᠂ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠬᠦ ᠂ ᠦᠢᠯᠡᠳᠪᠦᠷᠢᠯᠡᠯ  ᠤᠨ ᠵᠠᠭᠪᠤᠷ ᠤᠨ ᠰᠢᠨ᠎ᠡ ᠶᠢ ᠡᠭᠦᠳᠭᠦ ᠵᠡᠷᠭᠡ ᠦᠢᠯᠡᠳᠦᠯ ᠢ ᠨᠢ ᠪᠠᠳᠠᠷᠠᠭᠤᠯᠪᠠ ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ ᠂ ᠪᠠᠶᠢᠴᠠᠭᠠᠨ ᠰᠢᠯᠭᠠᠬᠤ ᠪᠠᠶᠢᠴᠠᠭᠠᠨ ᠭᠡᠮᠵᠢᠭᠦ ᠭᠡᠷᠡᠴᠢᠯᠡᠭᠡ ᠬᠢᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠦᠯᠪᠡ ᠃ ᠶᠠᠰᠤ ᠴᠢᠨᠠᠷ ᠤᠨ ᠪᠦᠭᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ ᠃ ᠳᠤᠮᠳᠠᠳᠤ ᠤᠯᠤᠰ ᠤᠨ ᠦᠢᠯᠡᠳᠭᠦ ᠦᠢᠯᠡᠰ ᠤᠨ ᠶᠠᠰᠤ ᠴᠢᠨᠠᠷ ᠪᠣᠯᠣᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃      ︵ ᠲᠠᠪᠤ ︶ ᠤᠯᠤᠰ ᠤᠨ ᠳᠣᠲᠣᠭᠠᠳᠤ ᠶᠢᠨ ᠪᠦᠲᠦᠮᠵᠢᠲᠡᠶ ᠬᠡᠷᠡᠭᠴᠡᠭᠡ ᠶᠢ ᠥᠷᠭᠡᠳᠬᠡᠵᠦ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠠᠬᠢᠭᠤᠯᠪᠠ ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠠᠢ ᠤᠶᠠᠯᠳᠤᠭᠤᠯᠤᠨ ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠰᠠᠭᠤᠷᠢᠯᠠᠵᠤ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ ᠂ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢ ᠨᠡᠩ ᠤᠯᠠᠨ ᠪᠣᠶᠢᠵᠢᠭᠤᠯᠪᠠ ᠃      ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠪᠡ ᠃ ᠬᠢᠵᠢᠭ ᠡᠭᠦᠰᠭᠦ ᠠᠴᠠ ᠡᠮᠦᠨ᠎ᠡ ᠂ ᠬᠡᠷᠡᠭᠯᠡᠭᠡ ᠨᠢ ᠨᠢᠭᠡᠨᠲᠡ ᠮᠠᠨ ᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠭᠤᠣᠯ ᠳᠠᠶᠢᠴᠢᠯᠠᠬᠤ ᠬᠦᠴᠦᠨ ᠪᠣᠯᠵᠠᠢ ᠃ ᠬᠡᠷᠡᠭᠴᠡᠭᠡ ᠬᠦᠷᠦᠯᠴᠡᠬᠦ ᠦᠭᠡᠢ ᠴᠢᠨᠠᠭᠰᠢᠯᠠᠪᠠᠯ ᠪᠠᠭᠠᠰᠤᠭᠰᠠᠨ ᠪᠠᠶᠢᠳᠠᠯ ᠳᠤ ᠬᠠᠨᠳᠤᠭᠤᠯᠤᠨ ᠂ ᠪᠢᠳᠡ ᠬᠡᠷᠡᠭᠯᠡᠭᠡ ᠶᠢ ᠠᠯᠢ ᠲᠦᠷᠭᠡᠨ ᠢᠶᠠᠷ ᠰᠡᠷᠭᠦᠭᠡᠬᠦ ᠶᠢ ᠠᠬᠢᠭᠤᠯᠪᠠ ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠤᠯᠠᠨ ᠠᠷᠭ᠎ᠠ ᠵᠠᠮ  ᠢᠶᠠᠷ ᠠᠬᠢᠭᠤᠯᠵᠤ ᠂ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ ᠶᠢ ᠳᠡᠭᠡᠭᠰᠢᠯᠡᠭᠦᠯᠪᠡ ᠃ ᠮᠠᠰᠢᠨ ᠲᠡᠷᠭᠡ ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠪᠥᠭᠡᠮ ᠬᠡᠷᠡᠭᠯᠡᠭᠡ ᠶᠢ ᠳᠠᠮᠵᠢᠵᠤ ᠂ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ 3 ᠳ᠋ᠦᠩᠰᠢᠭᠤᠷ ᠢ ᠳᠠᠪᠠᠵᠤ ᠂ 46.7% ᠪᠠᠷ ᠨᠡᠮᠡᠭᠳᠡᠪᠡ ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ ᠳᠤ ᠡᠵᠡᠯᠡᠭᠦ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠶᠢᠨ ᠬᠤᠪᠢ ᠶᠢᠨ ᠵᠢᠩ 15.8% ᠪᠠᠶᠢᠭᠰᠠᠨ ᠠᠴᠠ ᠪᠠᠨ 27.2% ᠪᠤᠯᠳᠡᠯ᠎ᠠ ᠳᠡᠭᠡᠭᠰᠢᠯᠡᠪᠡ ᠃ ᠬᠤᠲᠠ ᠶᠢᠨ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠭᠦ ᠬᠤᠳᠠᠯᠳᠤᠭ᠎ᠠ ᠶᠢ ᠬᠥᠭᠵᠢᠭᠦᠯᠵᠦ ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠡᠳ᠋ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠭᠦᠷᠭᠡᠭᠦ ᠰᠢᠰᠲ᠋ᠧᠮ ᠢ ᠲᠡᠭᠦᠯᠳᠡᠷᠵᠢᠭᠦᠯᠪᠡ ᠃ ᠵᠢᠭᠤᠯᠴᠢᠯᠠᠯ ᠤᠨ ᠦᠢᠯᠡᠰ ᠢ ᠬᠠᠪᠰᠤᠷᠤᠨ ᠲᠡᠳᠬᠦᠵᠦ ᠬᠥᠭᠵᠢᠭᠦᠯᠪᠡ ᠃ ᠳᠤᠲᠠᠭᠤᠳᠠᠯ ᠢ ᠨᠥᠬᠦᠪᠦᠷᠢᠯᠡᠬᠦ ᠂ ᠪᠦᠲᠦᠴᠡ ᠶᠢ ᠲᠣᠬᠢᠷᠠᠭᠤᠯᠬᠤ ᠂ ᠰᠡᠯᠭᠦᠭᠦ ᠬᠦᠴᠦᠨ ᠢ ᠨᠡᠮᠡᠭᠳᠡᠭᠦᠯᠬᠦ ᠲᠠᠢ ᠤᠶᠠᠯᠳᠤᠭᠤᠯᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠪᠡ ᠃ ᠪᠡᠯᠡ ᠤᠷᠤᠭᠤᠯᠤᠯᠳᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ ᠂ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠤᠭᠰᠠᠨ ᠪᠠ ᠬᠥᠰᠢᠨ ᠬᠥᠳᠡᠯᠭᠡᠭᠰᠡᠨ ᠨᠡᠶᠢᠭᠡᠮ  ᠤᠨ ᠪᠡᠯᠡ ᠤᠷᠤᠭᠤᠯᠤᠯᠳᠠ ᠳᠠᠭᠢᠨ ᠢᠶᠠᠷ ᠨᠡᠮᠡᠭᠳᠡᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ ᠂ ᠵᠠᠮ ᠬᠠᠷᠢᠯᠴᠠᠭ᠎ᠠ ᠂ ᠤᠰᠤᠨ ᠠᠰᠢᠭᠯᠠᠯᠲᠠ ᠂ ᠡᠨᠧᠷᠭᠢ ᠶᠢᠨ ᠰᠤᠷᠪᠤᠯᠵᠢ ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠪᠣᠯᠣᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠥ ᠂ ᠨᠡᠶᠢᠭᠡᠮ ᠤᠨ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠤᠯᠴᠠᠬᠤ ᠶᠢ ᠵᠣᠷᠢᠭᠵᠢᠭᠤᠯᠤᠨ ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠳᠠᠶᠢᠴᠢᠯᠠᠪᠡ ᠃      ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠪᠠ ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ  ᠪᠠᠷ ᠨᠡᠭᠡᠭᠡᠨ ᠬᠥᠭᠵᠢᠭᠦᠯᠬᠦ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠳᠤᠮᠳᠠ ᠬᠡᠰᠡᠭ ᠤᠨ ᠭᠠᠵᠠᠷ ᠣᠷᠣᠨ ᠢ ᠮᠠᠨᠳᠤᠭᠤᠯᠤᠨ ᠬᠥᠭᠵᠢᠭᠦᠯᠬᠦ ᠂ ᠵᠡᠭᠦᠨ ᠬᠡᠰᠡᠭ ᠤᠨ ᠭᠠᠵᠠᠷ ᠣᠷᠣᠨ ᠢ ᠤᠷᠢᠳ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠳᠤᠮᠳᠠ ᠬᠡᠰᠡᠭ ᠪᠠ ᠪᠠᠷᠠᠭᠤᠨ ᠬᠡᠰᠡᠭ  ᠤᠨ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠵᠡᠭᠦᠨ ᠬᠡᠰᠡᠭ ᠤᠨ ᠭᠠᠵᠠᠷ ᠣᠷᠣᠨ ᠠᠴᠠ ᠶᠡᠷᠦᠩᠬᠡᠢ ᠳᠡᠭᠡᠨ ᠥᠨᠳᠥᠷ ᠪᠣᠯᠪᠠ ᠃ ᠬᠤᠪᠢᠰᠬᠠᠯ  ᠤᠨ ᠬᠠᠭᠤᠴᠢᠨ ᠰᠠᠭᠤᠷᠢᠨ ᠭᠠᠵᠠᠷ ᠂ ᠦᠨᠳᠦᠰᠦᠲᠡᠨ ᠤ ᠭᠠᠵᠠᠷ ᠣᠷᠣᠨ ᠂ ᠬᠢᠯᠢ ᠬᠢᠵᠠᠭᠠᠷ ᠣᠷᠣᠨ ᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ ᠂ ᠲᠥᠪ ᠤᠨ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠭᠠᠵᠠᠷ ᠣᠷᠣᠨ ᠳᠤ ᠰᠢᠯᠵᠢᠭᠦᠯᠦᠨ ᠥᠭᠬᠦ ᠪᠡᠯᠡ ᠮᠥᠩᠭᠦ ᠶᠢ ᠲᠠᠪᠤᠨ ᠵᠢᠯ ᠤᠨ ᠡᠮᠦᠨᠡᠬᠢ ᠠᠴᠠ 66.8% ᠪᠠᠷ ᠨᠡᠮᠡᠭᠳᠡᠭᠦᠯᠪᠡ ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ ᠃ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠪᠠ ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠪᠡ ᠃ ᠠᠵᠤ ᠠᠬᠤᠢ ᠨᠢ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢ ᠳᠠᠮᠵᠢᠵᠤ ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠭᠦᠭᠵᠢᠭᠦ ᠶᠢ ᠠᠬᠢᠭᠤᠯᠵᠤ ᠂ ᠨᠥᠬᠦᠴᠡᠯ ᠲᠠᠢ ᠭᠠᠵᠠᠷ ᠣᠷᠣᠨ ᠤ ᠳᠠᠶᠢᠴᠢᠯᠠᠬᠤ ᠦᠢᠯᠡᠳᠦᠯ ᠢᠶᠠᠨ ᠨᠠᠩ ᠶᠡᠭᠡ ᠪᠠᠳᠠᠷᠠᠭᠤᠯᠬᠤ  ᠶᠢ ᠵᠣᠷᠢᠭᠵᠢᠭᠤᠯᠵᠤ ᠂ ᠨᠠᠩ ᠣᠯᠠᠨ ᠰᠢᠨ᠎ᠡ ᠨᠡᠮᠡᠭᠳᠡᠯ ᠤᠨ ᠲᠤᠶᠢᠯ ᠨᠡᠮᠡᠭᠳᠡᠯ ᠤᠨ ᠪᠦᠰᠡ ᠶᠢ ᠪᠤᠶ ᠪᠤᠯᠭᠠᠬᠤ ᠶᠢ ᠠᠬᠢᠭᠤᠯᠪᠠ ᠃      ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠦᠷᠭᠦᠯᠵᠢᠯᠡᠨ ᠠᠬᠢᠭᠤᠯᠪᠠ ᠃ ᠮᠠᠨ ᠤ ᠤᠯᠤᠰ ᠮᠥᠨ ᠬᠦ ᠬᠤᠲᠠ ᠪᠠᠯᠭᠠᠰᠤᠵᠢᠯᠲᠠ ᠶᠢᠨ ᠶᠠᠪᠤᠴᠠ ᠳᠤ ᠣᠷᠣᠰᠢᠵᠤ ᠂ ᠵᠢᠯ ᠪᠦᠷᠢ ᠬᠥᠳᠡᠭᠡ ᠲᠣᠰᠬᠤᠨ ᠤ ᠮᠢᠩᠭ᠎ᠠ ᠭᠠᠷᠤᠢ ᠲᠦᠮᠡᠨ ᠬᠥᠮᠥᠨ ᠠᠮᠠ ᠬᠤᠲᠠ ᠪᠠᠯᠭᠠᠰᠤ ᠳᠤ ᠰᠢᠯᠵᠢᠵᠦ ᠪᠠᠶᠢᠨ᠎ᠠ ᠃ ᠬᠤᠲᠠ ᠢᠯᠠᠩᠭᠤᠶ᠎ᠠ ᠰᠢᠶᠠᠨ ᠤ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠨᠢ ᠨᠡᠮᠡᠭᠳᠡᠭᠦᠯᠪᠡ ᠃ ᠬᠤᠲᠠ ᠪᠠᠯᠭᠠᠰᠤᠨ ᠳᠤ ᠡᠷᠦᠭᠡ ᠠᠮᠠ ᠣᠷᠣᠭᠤᠯᠬᠤ ᠬᠢᠵᠠᠭᠠᠷᠯᠠᠯ ᠢ ᠲᠥᠷᠥᠯ ᠬᠤᠪᠢᠶᠠᠨ ᠠᠭᠤᠵᠢᠭᠤ ᠲᠠᠯᠪᠢᠭᠰᠠᠨ ᠪᠤᠶᠤ ᠬᠦᠴᠦᠨ ᠦᠭᠡᠢ ᠪᠤᠯᠭᠠᠵᠤ ᠂ ᠠᠷᠪᠠᠨ ᠵᠢᠯ  ᠳᠤ ᠬᠥᠳᠡᠭᠡ ᠳᠤᠰᠬᠤᠨ ᠤ 1.4 ᠳ᠋ᠦᠡᠭᠰᠢᠭᠤᠷ ᠬᠥᠮᠥᠨ ᠠᠮᠠ ᠬᠤᠳᠠ ᠪᠠᠯᠭᠠᠰᠤᠨ ᠳᠤ ᠡᠷᠦᠭᠡ ᠠᠮᠠ ᠪᠠᠨ ᠣᠷᠣᠭᠤᠯᠪᠠ ᠃ ᠬᠤᠳᠠ ᠶᠢᠨ ᠪᠥᠭᠡᠭᠡᠨᠡᠷᠡᠯ ᠪᠠ ᠶᠡᠭᠡ ᠬᠤᠳᠠ ᠶᠢᠨ ᠴᠠᠭᠠᠷᠢᠭ ᠢ ᠡᠮᠬᠢ ᠵᠢᠷᠤᠮ ᠲᠠᠢ ᠪᠠᠷ ᠬᠥᠭᠵᠢᠭᠦᠯᠵᠦ ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ ᠃ ᠴᠧᠩᠳᠦ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ ᠃ ᠭᠡᠷ ᠪᠠᠶᠢᠰᠢᠩ ᠢ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠯᠭᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠨ ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠵᠦ ᠂ ᠤᠷᠲᠤ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠭᠠᠵᠠᠷ ᠰᠢᠷᠣᠢ ᠶᠢᠨ ᠦᠨ᠎ᠡ ᠂ ᠭᠡᠷ ᠪᠠᠶᠢᠰᠢᠩ ᠤᠨ ᠦᠨ᠎ᠡ ᠪᠠ ᠵᠢᠱᠢᠯᠲᠡ ᠶᠢ ᠲᠣᠭᠲᠠᠭᠤᠨ ᠪᠠᠶᠢᠯᠭᠠᠵᠤ ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠬᠥᠭᠵᠢᠯᠲᠡ ᠶᠢ ᠠᠬᠢᠭᠤᠯᠪᠠ ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠲᠡᠮᠦᠷ ᠵᠠᠮᠲᠤ ᠵᠠᠮ ᠬᠠᠷᠢᠯᠴᠠᠭᠠᠨ ᠤ ᠡᠵᠡᠩᠨᠡᠯᠲᠡ ᠶᠢᠨ ᠵᠠᠮ ᠤᠨ ᠤᠷᠳᠤ 4500 ᠭᠠᠷᠤᠢ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ ᠲᠦᠮᠡ ᠰᠢᠬᠠᠮ ᠺᠢᠯᠣᠮᠧᠲᠷ ᠲᠤ ᠬᠦᠷᠴᠦ ᠂ ᠤᠰᠤ ᠵᠠᠯᠠᠬᠤ ᠬᠤᠭᠤᠯᠠᠢ 63 ᠲᠦᠮᠡᠨ ᠺᠢᠯᠣᠮᠧᠲᠷ ᠪᠠᠶᠢᠭᠰᠠᠨ  ᠠᠴᠠ ᠪᠠᠨ ᠨᠡᠮᠡᠭᠳᠡᠭᠡᠳ 89 ᠲᠦᠮᠡᠨ ᠺᠢᠯᠣᠮᠧᠲᠷ ᠪᠣᠯᠪᠠ ᠃ ᠬᠤᠲᠠ ᠪᠠᠯᠭᠠᠰᠤᠨ ᠤ 16.7 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ ᠂ 2900 ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ ᠃      ︵ ᠵᠢᠷᠭᠤᠭ᠎ᠠ ︶ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠪᠡ ᠃ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠲᠠᠷᠢᠶᠠᠯᠠᠩ ᠤᠨ ᠦᠢᠯᠡᠳᠪᠦᠷᠢᠯᠡᠯ ᠢ ᠦᠷᠭᠦᠯᠵᠢᠯᠡᠨ ᠴᠢᠩᠭ᠎ᠠ ᠠᠳᠬᠤᠨ ᠰᠠᠶᠢᠲᠤᠷ ᠠᠳᠬᠤᠵᠤ ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠪᠠ ᠃      ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠵᠦ ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠲᠠᠷᠢᠬᠤ ᠶᠢ ᠥᠷᠭᠡᠳᠬᠡᠵᠦ ᠂ ᠦᠢᠯᠡᠳᠪᠦᠷᠢᠯᠡᠯ ᠤᠨ ᠪᠦᠲᠦᠴᠡ ᠶᠢᠨ ᠪᠠᠶᠢᠷᠢᠰᠢᠯ ᠢ ᠰᠢᠯᠢᠳᠡᠭᠵᠢᠭᠦᠯᠵᠦ ᠂ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠪᠡ ᠃ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠥᠭᠬᠦ ᠨᠥᠬᠦᠪᠦᠷᠢ ᠶᠢ ᠲᠣᠭᠲᠠᠪᠤᠷᠢᠵᠢᠭᠤᠯᠵᠤ ᠂ ᠲᠤᠲᠤᠷᠭ᠎ᠠ ᠂ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠦᠢ ᠵᠣᠬᠢᠰᠲᠠᠢ ᠲᠣᠭᠲᠠᠭᠠᠵᠤ ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠱᠠᠩᠨᠠᠨ ᠭᠦᠭᠢᠭᠦᠯᠭᠦ ᠡᠷᠴᠢᠮ ᠢᠶᠠᠨ ᠴᠢᠩᠭᠠᠷᠠᠭᠤᠯᠵᠤ ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠳᠦᠷᠢᠮ ᠢ ᠪᠦᠷᠢᠨᠰᠢᠭᠦᠯᠪᠡ ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ ᠂ 4.56 ᠳ᠋ᠦᠩᠰᠢᠭᠤᠷ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠪᠠ ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ ᠃ ᠦᠷ᠎ᠡ ᠶᠢᠨ ᠦᠢᠯᠡᠰ ᠂ ᠲᠠᠷᠢᠶᠠᠯᠠᠩ ᠤᠨ ᠮᠠᠰᠢᠨ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ ᠂ ᠲᠠᠷᠢᠮᠠᠯ ᠤᠨ ᠬᠠᠭᠠᠯᠪᠤᠷᠢᠯᠠᠬᠤ ᠲᠠᠷᠢᠬᠤ ᠬᠤᠷᠢᠶᠠᠬᠤ ᠠᠵᠢᠯ ᠤᠨ ᠶᠡᠷᠦᠩᠬᠡᠶᠢᠯᠡᠭᠰᠡᠨ ᠮᠧᠬᠠᠨᠢᠭᠵᠢᠯᠲᠠ ᠶᠢᠨ ᠨᠤᠷᠮ᠎ᠠ 67% ᠪᠠᠶᠢᠭᠰᠠᠨ ᠠᠴᠠ ᠪᠠᠨ ᠳᠡᠭᠡᠭᠰᠢᠯᠡᠭᠡᠳ 73% ᠪᠣᠯᠪᠠ ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠪᠠ ᠂ ᠢᠮᠠᠭᠲᠠ ᠴᠥᠬᠦᠷᠡᠰᠢ ᠦᠭᠡᠢ ᠪᠠᠷ 14 ᠳ᠋ᠥᠡᠭᠰᠢᠭᠤᠷ ᠭᠠᠷᠤᠢ ᠳᠤᠮᠳᠠᠳᠤ ᠤᠯᠤᠰ ᠤᠨ ᠬᠥᠮᠥᠨ ᠤ ᠬᠤᠭᠤᠯᠠ ᠬᠦᠨᠡᠰᠦ ᠪᠠᠨ ᠥᠪᠡᠷ ᠤᠨ ᠬᠦᠴᠦᠨ ᠳᠡᠭᠡᠨ ᠪᠠᠲᠤ ᠲᠦᠰᠢᠭᠯᠡᠨ ᠰᠢᠢᠳᠪᠦᠷᠢᠯᠡᠬᠦ ᠶᠢ ᠪᠠᠲᠤᠯᠠᠪᠠ ᠃      ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ ᠂ ᠳᠠᠭᠠᠭᠠᠴᠢᠯᠠᠯᠲᠠ ᠶᠢᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠪᠠ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠱᠠᠲᠤ ᠥᠶᠡᠴᠢ ᠴᠢᠨᠠᠷᠲᠠᠢ ᠡᠭᠦᠷᠭᠡ ᠶᠢ ᠪᠡᠶᠡᠯᠡᠭᠦᠯᠵᠦ ᠂ ᠣᠯᠠᠨ ᠵᠦᠢᠯ  ᠤᠨ ᠭᠡᠯᠪᠡᠷᠢ ᠶᠢᠨ ᠲᠣᠬᠢᠷᠠᠮᠵᠢᠲᠠᠢ ᠬᠡᠪᠴᠢᠶᠡᠲᠦ ᠡᠵᠡᠩᠨᠡᠯᠲᠡ ᠶᠢ ᠯᠠᠪᠳᠠᠭᠤᠨ ᠢᠶᠠᠷ ᠠᠬᠢᠭᠤᠯᠵᠤ ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠠ ᠲᠠᠷᠢᠶᠠᠴᠢᠳ ᠤᠨ ᠬᠤᠷᠰᠢᠶ᠎ᠠ ᠶᠢᠨ ᠬᠥᠭᠵᠢᠯᠲᠡ ᠶᠢ ᠰᠠᠶᠢᠲᠤᠷ ᠠᠳᠬᠤᠵᠤ ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠯᠡᠨ ᠬᠥᠭᠵᠢᠭᠦᠯᠪᠡ ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠵᠦ ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠴᠡᠭᠴᠡᠯᠡᠨ ᠵᠠᠰᠠᠵᠤ ᠂ ᠤᠰᠤ ᠴᠠᠭᠢᠯᠭᠠᠨ ᠵᠠᠮ ᠬᠡᠢ ᠮᠡᠳᠡᠭᠡ ᠵᠠᠩᠭᠢ ᠰᠢᠤᠳᠠᠨ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠨᠥᠬᠦᠴᠡᠯ ᠳᠤ ᠨᠡᠶᠢᠴᠡᠭᠦ ᠰᠢᠶᠠᠩ ᠪᠠᠯᠭᠠᠰᠤ ᠪᠣᠯᠣᠨ ᠪᠠᠶᠢᠭᠤᠯᠤᠯᠲᠤ ᠲᠣᠰᠬᠤᠨ ᠳᠤ ᠬᠠᠲᠠᠭᠤᠷᠠᠭᠤᠯᠤᠭᠰᠠᠨ ᠵᠠᠮ ᠂ ᠠᠶᠠᠨᠴᠢᠳ ᠤᠨ ᠮᠠᠰᠢᠨ ᠲᠡᠷᠭᠡ ᠨᠡᠪᠲᠡᠷᠡᠭᠦᠯᠬᠦ ᠶᠢ ᠪᠡᠶᠡᠯᠡᠭᠦᠯᠵᠦ ᠂ ᠬᠥᠳᠡᠭᠡ ᠲᠣᠰᠬᠤᠨ ᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠤᠷᠮ᠎ᠠ 80% ᠪᠠᠶᠢᠭᠰᠠᠨ ᠠᠴᠠ ᠪᠠᠨ ᠳᠡᠭᠡᠭᠰᠢᠯᠡᠭᠡᠳ 87% ᠪᠣᠯᠵᠤ ᠂ ᠤᠯᠠᠨ ᠵᠢᠯ ᠳᠤ ᠬᠥᠳᠡᠭᠡ ᠲᠣᠰᠬᠤᠨ ᠤ ᠨᠡᠶᠢᠳᠠ 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ ᠃ ᠬᠠᠩᠭᠠᠨ ᠪᠣᠷᠣᠯᠠᠭᠤᠯᠬᠤ ᠬᠤᠷᠰᠢᠶ᠎ᠠ ᠂ ᠬᠠᠮᠲᠤ ᠶᠢᠨ ᠣᠢ ᠰᠢᠭᠤᠢ ᠶᠢᠨ ᠡᠷᠬᠡ ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ ᠃ ᠣᠨᠴᠠᠯᠢᠭᠲᠤ ᠡᠬᠢ ᠪᠠᠶᠠᠯᠢᠭ ᠲᠤ ᠰᠠᠭᠤᠷᠢᠯᠠᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ ᠂ ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ ᠃ ᠬᠥᠯᠥᠰᠦᠨ ᠠᠵᠢᠯᠴᠢᠨ ᠤ ᠣᠯᠬᠤ ᠶᠣᠰᠣᠲᠠᠢ ᠬᠥᠯᠥᠰᠦ ᠣᠯᠭᠤᠮᠵᠢ ᠪᠠᠨ ᠴᠠᠭ ᠲᠤᠬᠠᠢ ᠳᠤᠨᠢ ᠣᠯᠬᠤ  ᠶᠢ ᠪᠠᠲᠤᠯᠠᠬᠤ ᠶᠢᠨ ᠲᠥᠯᠥᠭᠡ ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠬᠤᠶᠢᠰᠢᠯᠠᠭᠤᠯᠬᠤ ᠶᠢ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ ᠂ ᠬᠥᠯᠥᠰᠦᠨ ᠠᠵᠢᠯᠴᠢᠨ ᠤ ᠴᠠᠯᠢᠩ ᠢ ᠥᠭᠬᠦ  ᠶᠢ ᠪᠠᠲᠤᠯᠠᠬᠤ ᠳᠦᠷᠢᠮ ᠢ ᠨᠡᠶᠢᠲᠡᠯᠡᠨ ᠬᠡᠷᠡᠭᠵᠢᠭᠦᠯᠵᠦ ᠂ ᠮᠠᠭᠤ ᠰᠠᠨᠠᠭ᠎ᠠ ᠲᠠᠢ ᠪᠠᠷ ᠥᠷᠢᠲᠦᠵᠦ ᠬᠤᠶᠢᠰᠢᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ ᠃      ︵ ᠲᠤᠯᠤᠭ᠎ᠠ ︶ ᠭᠠᠳᠠᠭᠰᠢ ᠨᠡᠭᠡᠭᠡᠯᠲᠡ ᠬᠢᠬᠦ ᠶᠢ ᠡᠷᠡᠰ ᠭᠤᠶᠢᠪᠢᠰᠢ ᠦᠭᠡᠢ ᠥᠷᠭᠡᠳᠬᠡᠵᠦ ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠲᠤᠰᠠ ᠭᠦᠷᠳᠡᠭᠦ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ ᠃ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠶᠢᠨ ᠡᠮᠦᠨ᠎ᠡ ᠂ ᠪᠢᠳᠡ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ᠥᠨᠳᠥᠷ ᠲᠦᠪᠰᠢᠨ ᠤ ᠨᠡᠭᠡᠭᠡᠯᠲᠡ ᠪᠠᠷ ᠥᠭᠡᠷᠡᠴᠢᠯᠡᠯᠲᠡ ᠬᠥᠭᠵᠢᠯᠲᠡ ᠶᠢ ᠨᠡᠩ ᠬᠦᠴᠦᠲᠡᠢ ᠠᠬᠢᠭᠤᠯᠪᠠ ᠃      ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠴᠢᠨᠠᠷ ᠢ ᠨᠢ ᠳᠡᠭᠡᠭᠰᠢᠯᠡᠭᠦᠯᠭᠦ ᠶᠢ ᠠᠬᠢᠭᠤᠯᠪᠠ ᠃ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ ᠂ ᠢᠲᠡᠭᠡᠮᠵᠢᠲᠦ ᠳᠠᠭᠠᠳᠬᠠᠯ ᠂ ᠢᠲᠡᠭᠡᠮᠵᠢᠲᠦ ᠵᠢᠭᠡᠯᠡᠯᠭᠡ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ ᠂ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ ᠶᠢ ᠭᠦᠢᠴᠡᠳᠬᠡᠬᠦ ᠴᠠᠭ ᠢ ᠪᠣᠭᠤᠨᠢᠰᠬᠠᠭᠠᠳ 6 ᠠᠵᠢᠯ  ᠤᠨ ᠡᠳᠦᠷ ᠢᠶᠠᠷ ᠬᠢᠵᠠᠭᠠᠷᠯᠠᠪᠠ ᠃ ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠢ ᠬᠥᠭᠵᠢᠭᠦᠯᠵᠦ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ 152 ᠰᠢᠨ᠎ᠡ ᠪᠠᠷ ᠪᠠᠶᠢᠭᠤᠯᠵᠤ ᠂ ᠨᠢᠭᠡ ᠪᠦᠯᠦᠭ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠳᠡᠮᠵᠢᠪᠡ ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠂ ᠬᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠤᠨ ᠦᠢᠯᠡᠳᠦᠯ ᠢ ᠪᠠᠳᠠᠷᠠᠭᠤᠯᠪᠠ ᠃ ᠪᠣᠭᠤᠮᠲᠠ ᠪᠠᠷ ᠥᠩᠭᠡᠷᠡᠬᠦ ᠶᠢ ᠳᠥᠲᠡᠴᠢᠯᠡᠬᠦ ᠶᠢ ᠠᠬᠢᠭᠤᠯᠵᠤ ᠂ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠴᠠᠭ ᠢ ᠲᠤᠰ ᠲᠤᠰ 67% ᠪᠠ 92% ᠢᠶᠠᠷ ᠪᠣᠭᠤᠨᠢᠰᠬᠠᠵᠤ ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠲᠣᠭᠲᠠᠭᠠᠯ ᠳᠤ ᠨᠡᠶᠢᠴᠡᠭᠦᠯᠬᠦ ᠥᠪᠡᠷ ᠤᠨ ᠦᠷᠳᠡᠭ ᠢᠯᠡᠳᠲᠡ ᠪᠠᠭᠤᠷᠠᠪᠠ ᠃ ᠪᠣᠭᠤᠮᠲᠠ ᠶᠢᠨ ᠭᠠᠶᠢᠯᠢ ᠶᠢᠨ ᠶᠡᠷᠦᠩᠬᠡᠢ ᠲᠦᠪᠰᠢᠨ 9.8% ᠪᠠᠶᠢᠭᠰᠠᠨ ᠠᠴᠠ ᠪᠠᠨ ᠪᠠᠭᠤᠷᠠᠭᠠᠳ 7.4% ᠪᠣᠯᠪᠠ ᠃ ᠦᠢᠯᠡᠴᠢᠯᠡᠭᠡᠨ ᠤ ᠠᠷᠠᠯᠵᠢᠶ᠎ᠠ ᠶᠢ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠬᠡᠷᠡᠭᠵᠢᠭᠦᠯᠪᠡ ᠃ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠨᠡᠮᠡᠭᠳᠡᠯ ᠨᠢ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠲᠤᠯᠭᠠᠭᠤᠷᠢᠯᠠᠪᠠ ᠃      ᠭᠠᠳᠠᠭᠠᠳᠤ ᠪᠡᠯᠡ ᠶᠢ ᠢᠳᠡᠪᠬᠢᠲᠡᠢ ᠪᠥᠭᠡᠳ ᠪᠦᠲᠦᠮᠵᠢᠲᠡᠶ ᠠᠰᠢᠭᠯᠠᠪᠠ ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ᠢ ᠨᠡᠶᠢᠲᠡᠯᠡᠵᠦ ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠳᠠ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠪᠡ ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠵᠤ ᠂ ᠪᠦᠭᠦ ᠤᠯᠤᠰ ᠪᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠵᠦᠢᠯ ᠤᠨ ᠲᠤᠭ᠎ᠠ ᠶᠢ ᠲᠣᠰ ᠲᠤᠰ 51% ᠪᠠ 72% ᠢᠶᠠᠷ ᠪᠠᠭᠠᠰᠬᠠᠨ ᠂ ᠥᠢᠯᠡᠳᠭᠦ ᠦᠢᠯᠡᠰ ᠤᠨ ᠬᠦᠷᠢᠶ᠎ᠡ ᠶᠢ ᠦᠨᠳᠦᠰᠦᠨ ᠳᠡᠭᠡᠨ ᠪᠦᠭᠦ ᠲᠠᠯ᠎ᠠ ᠪᠠᠷ ᠴᠢᠯᠦᠭᠡᠲᠡᠢ ᠲᠠᠯᠪᠢᠵᠤ ᠂ ᠮᠥᠩᠭᠦᠨ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠨᠢᠭᠡᠨᠲᠡ 21 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠵᠤ ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ ᠃ ᠡᠯ᠎ᠡ ᠭᠠᠵᠠᠷ ᠣᠷᠣᠨ ᠤ ᠬᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ ᠭᠠᠳᠠᠭᠠᠳᠤ ᠪᠡᠯᠡ ᠶᠢ ᠠᠬᠢᠭᠤᠯᠬᠤ ᠦᠢᠯᠡᠴᠢᠯᠡᠭᠡ ᠪᠠᠨ ᠴᠢᠩᠭᠠᠳᠬᠠᠨ ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠰᠥᠯ ᠢ ᠵᠣᠯᠭᠠᠯᠳᠤᠭᠤᠯᠬᠤ ᠡᠷᠴᠢᠮ ᠢᠶᠠᠨ ᠴᠢᠩᠭᠠᠷᠠᠭᠤᠯᠪᠠ ᠃ ᠭᠠᠳᠠᠭᠠᠳᠤ ᠪᠡᠯᠡ ᠶᠢᠨ ᠨᠢᠭᠡ ᠪᠦᠯᠦᠭ ᠲᠣᠮᠣ ᠲᠥᠰᠥᠯ ᠢ ᠨᠠᠶᠢᠳᠠᠪᠤᠷᠢᠵᠢᠭᠤᠯᠵᠤ ᠂ ᠮᠠᠨ ᠤ ᠤᠯᠤᠰ ᠦᠷᠭᠦᠯᠵᠢᠯᠡᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠠᠵᠢᠯ ᠦᠢᠯᠡᠰ ᠬᠥᠭᠵᠢᠭᠦᠯᠬᠦ ᠬᠠᠯᠠᠭᠤᠨ ᠥᠯᠥᠭᠡᠢ ᠪᠣᠯᠪᠠ ᠃      ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠠᠬᠢᠭᠤᠯᠪᠠ ᠃ ᠬᠠᠮᠲᠤ ᠪᠠᠷ ᠵᠥᠪᠳᠡᠭᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ ᠂ ᠵᠠᠬ᠎ᠠ ᠳᠡᠯᠭᠡᠭᠦᠷ ᠤᠨ ᠵᠠᠷᠴᠢᠮ ᠪᠠ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠢ ᠵᠢᠷᠤᠮᠯᠠᠵᠤ ᠂ ᠨᠢᠭᠡ ᠪᠦᠯᠦᠭ ᠬᠤᠯᠪᠣᠨ ᠨᠡᠪᠲᠡᠷᠡᠭᠦᠯᠬᠦ ᠪᠠ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭᠠᠨ ᠤ ᠲᠥᠰᠥᠯ ᠢ ᠬᠡᠷᠡᠭᠵᠢᠭᠦᠯᠵᠦ ᠂ ᠵᠠᠮ ᠳᠠᠭᠠᠤ ᠶᠢᠨ ᠤᠯᠤᠰ ᠯᠤᠭ᠎ᠠ ᠶᠢᠨ ᠡᠳ᠋ ᠪᠠᠷᠠᠭᠠᠨ ᠤ ᠭᠠᠳᠠᠭᠠᠳᠤ ᠣᠷᠣᠭᠤᠯᠥᠯᠳᠡ ᠪᠠ ᠭᠠᠳᠠᠭᠠᠳᠤ ᠭᠠᠷᠭᠠᠯᠲᠠ ᠶᠢᠨ ᠲᠤᠭ᠎ᠠ ᠵᠢᠯ ᠳᠤᠮᠳᠠᠴᠢ ᠪᠠᠷ 13.4% ᠪᠠᠷ ᠨᠡᠮᠡᠭᠳᠡᠵᠦ ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ ᠃ ᠭᠠᠳᠠᠭᠠᠳᠤ ᠪᠡᠯᠡ ᠣᠷᠣᠭᠤᠯᠥᠯᠳᠡ ᠶᠢᠨ ᠡᠷᠡᠭᠦᠯ ᠪᠥᠭᠡᠳ ᠡᠮᠬᠢ ᠵᠢᠷᠤᠮ ᠲᠠᠢ ᠭᠦᠭᠵᠢᠭᠦ ᠶᠢ ᠬᠥᠲᠥᠯᠥᠨ ᠵᠢᠯᠤᠭᠤᠳᠴᠤ ᠂ ᠬᠢᠯᠢ  ᠶᠢᠨ ᠭᠠᠳᠠᠨᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ ᠃ 6 ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠰᠢᠨ᠎ᠡ ᠪᠠᠷ ᠲᠣᠭᠲᠠᠭᠠᠭᠰᠠᠨ ᠪᠠ ᠲᠡᠰ ᠢ ᠨᠢ ᠳᠡᠪᠰᠢᠭᠦᠯᠵᠦ ᠂ ᠴᠢᠯᠦᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠡᠳ᠋ ᠪᠠᠷᠠᠭᠠᠨ ᠤ ᠭᠠᠳᠠᠭᠠᠳᠤ ᠣᠷᠣᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠲᠤᠭ᠎ᠠ ᠶᠢᠨ ᠡᠵᠡᠯᠡᠭᠦ ᠬᠠᠷᠢᠴᠠᠯ 26% ᠪᠠᠶᠢᠭᠰᠠᠨ ᠠᠴᠠ ᠪᠠᠨ 35% ᠣᠷᠴᠢᠮ ᠪᠤᠯᠳᠡᠯ᠎ᠠ ᠳᠡᠭᠡᠭᠰᠢᠯᠡᠪᠡ ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ

        365赢多少钱会被限额_国内有真正的365平台吗_365bet博彩官网

        ᠪᠠᠲᠤ ᠬᠠᠮᠠᠭᠠᠯᠠᠵᠤ ᠂ ᠠᠷᠠᠯᠵᠢᠶᠠᠨ ᠤ ᠬᠠᠮᠠᠭᠠᠯᠠᠬᠤ ᠦᠵᠡᠯ ᠢ ᠡᠰᠡᠷᠭᠦᠴᠡᠵᠦ ᠂ ᠠᠵᠤ ᠠᠬᠤᠢ ᠠᠷᠠᠯᠵᠢᠶᠠᠨ ᠤ ᠥᠷᠥᠯᠳᠥᠭᠡᠨ ᠢ ᠯᠠᠪᠳᠠᠭᠤᠨ ᠲᠣᠬᠢᠲᠠᠢ ᠠᠷᠭᠠᠴᠠᠵᠤ ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠳᠡᠴᠢᠯᠡᠯᠳᠡ ᠶᠢ ᠠᠬᠢᠭᠤᠯᠪᠠ ᠃      ︵ ᠨᠠᠢᠮᠠ ︶ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ  ᠶᠢ ᠠᠬᠢᠭᠤᠯᠪᠠ ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠡᠠ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ ᠂ ᠠᠮᠢ ᠠᠬᠤᠢ  ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ ᠃      ᠪᠣᠬᠢᠷᠳᠤᠯ ᠢ ᠵᠠᠰᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ ᠃ ᠪᠣᠬᠢᠷᠳᠤᠯ ᠢ ᠨᠠᠷᠢᠯᠢᠭ ᠣᠨᠣᠴᠠᠲᠠᠢ ᠪᠠᠷ ᠂ ᠰᠢᠨᠵᠢᠯᠡᠬᠦ ᠤᠬᠠᠭᠠᠨᠴᠢ ᠪᠠᠷ ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ ᠂ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠠᠬᠢᠭᠤᠯᠪᠠ ᠃ ᠤᠯᠠᠨ ᠪᠣᠬᠢᠷᠲᠤᠭᠤᠯᠬᠤ ᠪᠣᠳᠠᠰ ᠢ ᠬᠠᠮᠵᠢᠯᠴᠠᠨ ᠵᠠᠰᠠᠬᠤ ᠪᠠ ᠣᠷᠣᠨ ᠪᠦᠰᠡ ᠪᠠᠷ ᠢᠶᠠᠨ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠢᠵᠠᠭᠠᠷᠯᠠᠬᠤ ᠶᠢ ᠴᠢᠬᠤᠯᠠᠴᠢᠯᠠᠵᠤ ᠂ ᠲᠤᠰᠬᠠᠢ ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 86.5% ᠳᠤ ᠬᠦᠷᠴᠦ ᠂ 4 ᠵᠠᠭᠤᠨ ᠤ ᠨᠢᠭᠡᠴᠢ ᠪᠠᠷ ᠳᠡᠭᠡᠭᠰᠢᠯᠡᠪᠡ ᠃ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠂ ᠡᠷᠭᠢ ᠣᠶᠢᠷᠠᠯᠴᠠᠭ᠎ᠠ ᠲᠡᠯᠡᠶ ᠶᠢᠨ ᠣᠷᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠪᠠ ᠃ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠪᠠ ᠵᠠᠰᠠᠨ ᠰᠡᠷᠭᠦᠭᠡᠬᠦ ᠡᠷᠴᠢᠮ ᠢ ᠴᠢᠩᠭᠠᠷᠠᠭᠤᠯᠵᠤ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷᠲᠤᠭᠤᠯᠬᠤ ᠪᠣᠳᠠᠰ ᠤᠨ ᠵᠠᠰᠠᠯᠲᠠ ᠶᠢ ᠴᠢᠩᠭᠠᠳᠬᠠᠪᠠ ᠃ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠪᠦᠭᠦ ᠲᠠᠯ᠎ᠠ ᠪᠠᠷ ᠵᠠᠭᠠᠭᠯᠠᠨ ᠲᠣᠭᠲᠠᠭᠠᠪᠠ ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠲᠣᠭᠤᠷᠢᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠂ ᠨᠢᠭᠡ ᠪᠦᠯᠦᠭ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠪᠡ ᠃ ᠬᠥᠬᠡᠮᠥ᠋ᠷᠡᠨ ᠢ ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠠᠳᠬᠤᠬᠤ ᠶᠢ ᠠᠬᠢᠭᠤᠯᠵᠤ ᠂ ᠬᠥᠬᠡᠮᠥ᠋ᠷᠡᠨ ᠤ ᠰᠠᠪᠠ ᠭᠠᠵᠠᠷ  ᠤᠨ ᠭᠤᠣᠯᠳᠠᠯᠭ᠎ᠠ ᠲᠠᠢ ᠤᠰᠤᠨ ᠣᠷᠣᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠭᠦᠨᠵᠡᠭᠡᠢ ᠬᠡᠷᠡᠭᠵᠢᠭᠦᠯᠪᠡ ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠪᠠ ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠲᠡᠭᠦᠯᠳᠡᠷᠵᠢᠭᠦᠯᠪᠡ ᠃ ᠣᠢ ᠰᠢᠭᠤᠢ  ᠶᠢᠨ ᠪᠦᠷᠬᠦᠴᠡ 24% ᠳᠤ ᠬᠦᠷᠴᠦ ᠂ ᠨᠤᠲᠤᠭ ᠪᠡᠯᠴᠢᠭᠡᠷ ᠤᠨ ᠤᠷᠭᠤᠮᠠᠯ ᠤᠨ ᠶᠡᠷᠦᠩᠬᠡᠢ ᠪᠦᠷᠬᠦᠴᠡ ᠪᠠ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠴᠥᠮ 50% ᠠᠴᠠ ᠳᠡᠭᠡᠭᠰᠢ ᠳᠤ ᠬᠦᠷᠴᠦ ᠂ ᠬᠥᠷᠥᠰᠥ ᠰᠢᠷᠣᠢ ᠢᠳᠡᠭᠳᠡᠭᠰᠡᠨ ᠂ ᠴᠦᠯᠵᠢᠭᠰᠡᠨ ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠢ ᠲᠣᠰ ᠲᠣᠰ 10.6 ᠲᠦᠮᠡ ᠂ 3.8 ᠲᠦᠮᠡ ᠪᠠ 3.3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠬᠠᠪᠠ ᠃ ᠠᠷᠠᠳ ᠤᠯᠠᠨ ᠳᠤ ᠬᠥᠬᠡ ᠣᠭᠲᠠᠷᠭᠤᠢ ᠬᠥᠪᠥᠩ ᠴᠠᠭᠠᠨ ᠡᠭᠦᠯᠡ ᠂ ᠬᠥᠬᠡᠮᠳᠦᠭ ᠠᠭᠤᠯᠠ ᠨᠣᠮᠢᠨ ᠴᠡᠩᠬᠡᠷ ᠤᠰᠤ ᠶᠢ ᠶᠠᠪᠤᠬᠤ ᠲᠤᠳᠤᠮ ᠤᠯᠠᠨ ᠡᠳ᠋ᠯᠡᠭᠦᠯᠭᠦ ᠪᠣᠯᠪᠠ ᠃      ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠯᠠᠪᠳᠠᠭᠤᠨ ᠢᠶᠠᠷ ᠠᠬᠢᠭᠤᠯᠪᠠ ᠃ ᠡᠨᠧᠷᠭᠢ ᠶᠢᠨ ᠰᠤᠷᠪᠤᠯᠵᠢ  ᠶᠢᠨ ᠠᠮᠤᠷ ᠲᠦᠪᠰᠢᠨ ᠲᠣᠭᠲᠠᠪᠤᠷᠢᠲᠠᠢ ᠬᠠᠩᠭᠠᠯᠭ᠎ᠠ ᠪᠠ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠭᠦᠷᠭᠡᠭᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ ᠃ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠦᠨ ᠂ ᠭᠡᠲᠦ ᠳᠣᠣᠷ᠎ᠠ ᠭᠠᠳᠠᠭᠰᠢᠯᠠᠭᠤᠯᠤᠯᠲᠠ ᠶᠢ ᠪᠡᠶᠡᠯᠡᠭᠦᠯᠦᠭᠰᠡᠨ ᠨᠡᠭᠦᠷᠡᠰᠦᠨ ᠴᠠᠭᠢᠯᠭᠠᠨ ᠤ ᠮᠠᠰᠢᠨ ᠴᠣᠭᠴᠠᠯᠠᠪᠤᠷᠢ 10.5 ᠳ᠋ᠦᠩᠰᠢᠭᠤᠷ ᠺᠢᠯᠣᠸᠠᠲ  ᠢ ᠳᠠᠪᠠᠵᠤ ᠂ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 6.5 ᠳ᠋ᠦᠩᠰᠢᠭᠤᠷ ᠺᠢᠯᠣᠸᠠᠲ ᠪᠠᠶᠢᠭᠰᠠᠨ ᠠᠴᠠ ᠪᠠᠨ ᠨᠡᠮᠡᠭᠳᠡᠭᠡᠳ 12 ᠳ᠋ᠦᠩᠰᠢᠭᠤᠷ ᠺᠢᠯᠣᠸᠠᠲ ᠢ ᠳᠠᠪᠠᠵᠤ ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠡᠵᠡᠯᠡᠭᠦ ᠬᠠᠷᠢᠴᠠᠯ 20.8% ᠪᠠᠶᠢᠭᠰᠠᠨ  ᠠᠴᠠ ᠪᠠᠨ ᠳᠡᠭᠡᠭᠰᠢᠯᠡᠭᠡᠳ 25% ᠠᠴᠠ ᠳᠡᠭᠡᠭᠰᠢ ᠪᠣᠯᠪᠠ ᠃ ᠡᠬᠢ ᠪᠠᠶᠠᠯᠢᠭ ᠢ ᠠᠷᠪᠢᠯᠠᠬᠤ ᠠᠵᠢᠯ ᠢ ᠪᠦᠭᠦ ᠲᠠᠯ᠎ᠠ ᠪᠠᠷ ᠴᠢᠩᠭᠠᠳᠬᠠᠵᠤ ᠂ ᠨᠣᠭᠤᠭᠠᠨ ᠠᠵᠤ ᠦᠢᠯᠡᠰ ᠪᠠ ᠣᠷᠴᠢᠯ ᠠᠵᠤ ᠠᠬᠤᠢ ᠶᠢ ᠬᠥᠭᠵᠢᠭᠦᠯᠵᠦ ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠮᠡᠷᠭᠡᠵᠢᠯ ᠪᠠ ᠦᠢᠯᠡᠳᠬᠦᠨ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠪᠠ ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ ᠬᠤᠷᠠᠭᠤᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠨᠣᠭᠤᠭᠠᠨ ᠬᠥᠭᠵᠢᠯᠲᠡ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠪᠠ ᠃ ᠡᠨᠧᠷᠭᠢ ᠶᠢᠨ ᠬᠤᠷᠣᠭᠳᠠᠭᠤᠯᠤᠯ ᠢ ᠬᠢᠨᠠᠨ ᠰᠢᠯᠭᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠪᠡ ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢ ᠠᠬᠢᠭᠤᠯᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠪᠠᠨ ᠦᠵᠡᠭᠦᠯᠪᠡ ᠃      ︵ ᠶᠢᠰᠦ ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠷᠭᠡᠳᠬᠡᠪᠡ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ ᠂ ᠦᠨᠳᠦᠰᠦᠨ ᠵᠦᠢᠯ ᠢ ᠪᠠᠲᠤᠯᠠᠬᠤ ᠂ ᠬᠢᠵᠠᠭᠠᠷ ᠱᠤᠭᠤᠮ ᠢ ᠪᠠᠲᠤᠯᠠᠬᠤ ᠂ ᠲᠥᠪ ᠭᠤᠤᠯᠴᠢ ᠪᠠᠶᠢᠬᠤ ᠶᠢ ᠠᠬᠢᠭᠤᠯᠬᠤ ᠶᠢ ᠬᠦᠴᠦᠯᠡᠨ ᠪᠡᠶᠡᠯᠡᠭᠦᠯᠵᠦ ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠥ ᠂ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ ᠠᠬᠢᠭᠤᠯᠵᠤ ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ ᠃      ᠰᠤᠷᠭᠠᠨ ᠬᠥᠮᠦᠵᠢᠯ ᠤᠨ ᠭᠤᠤᠯᠴᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠪᠠ ᠃ ᠥᠨᠢᠳᠡ ᠶᠢᠨ ᠶᠡᠭᠡ ᠪᠣᠳᠣᠯᠭ᠎ᠠ ᠶᠢ ᠲᠣᠭᠲᠠᠭᠠᠬᠤ ᠳᠤ ᠰᠤᠷᠭᠠᠨ ᠬᠥᠮᠦᠵᠢᠯ ᠪᠣᠯ ᠦᠨᠳᠦᠰᠦ ᠪᠣᠯᠣᠨ᠎ᠠ ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ ᠲᠤ ᠡᠵᠡᠯᠡᠭᠦ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠥᠮᠦᠵᠢᠯ ᠤᠨ ᠵᠠᠷᠤᠳᠠᠯ ᠤᠨ ᠬᠠᠷᠢᠴᠠᠯ ᠢ ᠵᠢᠯ ᠪᠦᠷᠢ ᠴᠥᠮ 4% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ ᠂ ᠰᠤᠷᠤᠬᠴᠢ ᠶᠢᠨ ᠬᠥᠮᠥᠨ ᠳᠤᠮᠳᠠᠴᠢ ᠶᠢᠨ ᠵᠠᠷᠤᠳᠠᠯ ᠤᠨ ᠪᠡᠯᠡ ᠤᠷᠤᠭᠤᠯᠤᠯᠳᠠ ᠶᠡᠭᠡ ᠬᠡᠮᠵᠢᠶ᠎ᠡ ᠪᠠᠷ ᠨᠡᠮᠡᠭᠳᠡᠪᠡ ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠂ ᠬᠤᠲᠠ ᠪᠠᠯᠭᠠᠰᠤᠨ ᠤ ᠰᠤᠷᠤᠬᠴᠢ ᠣᠯᠠᠨᠲᠠᠢ ᠲᠣᠮᠣ ᠠᠩᠭᠢ ᠶᠢ ᠦᠨᠳᠦᠰᠦᠨ ᠳᠡᠭᠡᠨ ᠠᠷᠢᠯᠭᠠᠵᠤ ᠂ ᠬᠤᠲᠠ ᠣᠷᠣᠵᠤ ᠠᠵᠢᠯ ᠭᠦᠳᠡᠯᠮᠤᠷᠢ ᠬᠢᠭᠰᠡᠳ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 93.8% ᠪᠠᠶᠢᠭᠰᠠᠨ ᠠᠴᠠ 95.5% ᠪᠤᠯᠲᠠᠯ᠎ᠠ ᠳᠡᠭᠡᠭᠰᠢᠯᠡᠭᠦᠯᠪᠡ ᠃ ᠠᠯᠪᠠᠨ ᠵᠢᠷᠤᠮ  ᠤᠨ ᠰᠤᠷᠭᠠᠨ ᠬᠥᠮᠦᠵᠢᠯ ᠢ ᠤᠯᠤᠰ ᠠᠴᠠ ᠨᠢᠭᠡᠳᠦᠯᠲᠡᠢ ᠬᠡᠷᠡᠭᠵᠢᠭᠦᠯᠬᠦ ᠶᠢ ᠪᠠᠷᠢᠮᠲᠠᠯᠠᠵᠤ ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠪᠠ ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠬᠴᠢᠳ ᠤᠨ ᠳᠠᠷᠤᠭᠠᠰᠤ ᠶᠢ ᠬᠥᠩᠭᠡᠷᠡᠭᠦᠯᠪᠡ ᠃ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠪᠡ ᠃ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ ᠂ ᠵᠢᠯ ᠪᠦᠷᠢ 3700 ᠭᠠᠷᠤᠢ ᠲᠦᠮᠡᠨ ᠰᠤᠷᠤᠬᠴᠢ ᠳᠤ ᠠᠰᠢᠭ ᠬᠦᠷᠲᠡᠭᠡᠪᠡ ᠃ ᠪᠠᠭᠰᠢ ᠢᠯᠠᠩᠭᠤᠶ᠎ᠠ ᠬᠥᠳᠡᠭᠡ ᠲᠣᠰᠬᠤᠨ ᠤ ᠪᠠᠭᠰᠢ ᠶᠢᠨ ᠴᠠᠯᠢᠩ ᠬᠠᠷᠠᠭᠠᠯᠵᠠᠯ ᠢ ᠪᠠᠲᠤᠯᠠᠪᠠ ᠃ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠪᠡ ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠪᠦᠭᠦ ᠨᠤᠷᠮ᠎ᠠ ᠶᠢ 90% ᠠᠴᠠ ᠳᠡᠭᠡᠭᠰᠢ ᠪᠤᠯᠳᠠᠯ᠎ᠠ ᠳᠡᠭᠡᠭᠰᠢᠯᠡᠭᠦᠯᠪᠡ ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠷᠠᠭᠤᠯᠵᠤ ᠂ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ ᠃ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠭᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠪᠦᠭᠦ ᠨᠣᠷᠮ᠎ᠠ ᠶᠢ 45.7% ᠪᠠᠶᠢᠭᠰᠠᠨ  ᠠᠴᠠ 59.6% ᠪᠤᠯᠳᠡᠯ᠎ᠠ ᠳᠡᠭᠡᠭᠰᠢᠯᠡᠭᠦᠯᠵᠦ ᠂ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠭᠦ ᠳᠤ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠪᠠ ᠬᠥᠳᠡᠭᠡ ᠲᠣᠰᠬᠤᠨ ᠤ ᠭᠠᠵᠠᠷ ᠣᠷᠣᠨ ᠲᠡᠶᠢᠰᠢ ᠬᠡᠯᠪᠡᠶᠢᠯᠭᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ ᠃ ᠠᠵᠤ ᠠᠮᠢᠳᠤᠷᠠᠯ ᠨᠢ ᠬᠦᠴᠢᠷᠲᠡᠢ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠤ ᠥᠭᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ ᠃ ︽ ᠰᠠᠭᠤᠷᠢ ᠰᠢᠨᠵᠢᠯᠡᠭᠡᠨ ᠤ ᠰᠠᠯᠠᠭ᠎ᠠ ᠶᠢ ᠴᠢᠩᠭᠠᠳᠬᠠᠬᠤ ᠲᠥᠯᠥᠪᠯᠡᠭᠡ ︾ ᠪᠣᠯᠣᠨ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠂ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠰᠤᠷᠤᠬᠴᠢᠳ ᠢ ᠬᠥᠮᠥᠵᠢᠭᠦᠯᠬᠦ ᠰᠠᠭᠤᠷᠢᠨ ᠭᠠᠵᠠᠷ ᠢ 288 ᠪᠠᠶᠢᠭᠤᠯᠵᠤ ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠬᠥᠭᠵᠢᠯᠲᠡ ᠶᠢᠨ ᠴᠢᠳᠠᠪᠤᠷᠢᠲᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ ᠃      ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠭᠦᠨᠵᠡᠭᠡᠢ ᠠᠬᠢᠭᠤᠯᠤᠨ ᠴᠢᠷᠮᠠᠶᠢᠨ ᠲᠦᠭᠡᠮᠡᠯᠵᠢᠭᠦᠯᠵᠦ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠢ ᠣᠯᠠᠨ ᠨᠡᠶᠢᠲᠡ ᠶᠢᠨ ᠦᠢᠯᠡᠳᠬᠦᠨ ᠤ ᠬᠤᠪᠢ ᠪᠠᠷ ᠪᠦᠭᠦ ᠠᠷᠠᠳ ᠲᠤ ᠬᠠᠩᠭᠠᠵᠤ ᠂ ᠣᠯᠠᠨ ᠲᠦᠮᠡᠨ ᠤ ᠡᠪᠡᠳᠴᠢᠨ ᠦᠵᠡᠭᠦᠯᠭᠦ ᠳᠤ ᠬᠦᠴᠢᠷᠲᠡᠢ ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠪᠠ ᠃ ᠡᠮᠨᠡᠯᠭᠡ ᠶᠢᠨ ᠦᠨᠳᠦᠰᠦᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ  ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 450 ᠲᠥᠭᠦᠷᠢᠭ ᠪᠠᠶᠢᠭᠰᠠᠨ ᠠᠴᠠ 610 ᠲᠥᠭᠦᠷᠢᠭ ᠪᠤᠯᠳᠡᠯ᠎ᠠ ᠳᠡᠭᠡᠭᠰᠢᠯᠡᠭᠦᠯᠪᠡ ᠃ ᠣᠯᠠᠨ ᠲᠦᠮᠡᠨ ᠤ ᠪᠠᠴᠢᠮ ᠬᠡᠷᠡᠭᠰᠡᠬᠦ ᠨᠠᠩ ᠣᠯᠠᠨ ᠡᠮ ᠤᠨ ᠵᠦᠢᠯ ᠢ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ  ᠳᠤ ᠣᠷᠣᠭᠤᠯᠪᠠ ᠃ ᠡᠮᠨᠡᠯᠭᠡ ᠳᠤ ᠰᠠᠭᠤᠭᠰᠠᠨ ᠵᠠᠷᠤᠳᠠᠯ ᠪᠠ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ ᠪᠤᠯᠭᠠᠵᠥ ᠂ ᠠᠰᠢᠭ ᠬᠦᠷᠲᠡᠭᠡᠭᠰᠡᠨ ᠬᠡᠮᠵᠢᠶ᠎ᠡ 5700 ᠭᠠᠷᠤᠢ ᠲᠦᠮᠡᠨ ᠬᠥᠮᠥᠨ ᠤᠳᠠᠭ᠎ᠠ ᠳᠤ ᠭᠦᠷᠪᠡ ᠃ ᠡᠮ ᠤᠨ ᠵᠦᠢᠯ ᠪᠠ ᠡᠮᠨᠡᠯᠭᠡ ᠶᠢᠨ ᠬᠡᠷᠡᠭᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶᠡᠵᠢᠭᠦᠯᠵᠦ ᠬᠤᠳᠠᠯᠳᠤᠨ ᠠᠪᠬᠤ ᠶᠢ ᠬᠡᠷᠡᠭᠵᠢᠭᠦᠯᠵᠦ ᠂ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠬᠡᠮᠵᠢᠶ᠎ᠡ 4000 ᠳ᠋ᠦᠩᠰᠢᠭᠤᠷ ᠲᠥᠭᠦᠷᠢᠭ ᠠᠴᠠ ᠬᠡᠲᠦᠷᠡᠪᠡ ᠃ ᠤᠯᠤᠰ ᠤᠨ ᠠᠨᠠᠭᠠᠬᠤ ᠤᠬᠠᠭᠠᠨ ᠤ ᠲᠥᠪ ᠢ 13 ᠪᠠᠶᠢᠭᠤᠯᠵᠤ ᠂ ᠤᠯᠤᠰ ᠤᠨ ᠣᠷᠣᠨ ᠪᠦᠰᠡ ᠶᠢᠨ ᠡᠮᠨᠡᠯᠭᠡ ᠶᠢᠨ ᠲᠥᠪ ᠢ 76 ᠪᠠᠶᠢᠷᠢᠯᠠᠭᠤᠯᠤᠨ ᠪᠦᠲᠦᠭᠡᠨ ᠪᠠᠶᠢᠭᠤᠯᠪᠠ ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ ᠂ ᠰᠢᠶᠠᠨ ᠤ ᠪᠦᠰᠡ ᠶᠢᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ ᠂ ᠱᠠᠲᠤ ᠬᠤᠪᠢᠶᠠᠨ ᠣᠨᠣᠰᠢᠯᠠᠨ ᠡᠮᠨᠡᠭᠦ ᠰᠢᠰᠲ᠋ᠧᠮ ᠢ ᠲᠡᠭᠦᠯᠳᠡᠷᠵᠢᠭᠦᠯᠪᠡ ᠃ ᠨᠠᠰᠤᠲᠠᠶᠢᠴᠤᠳ ᠵᠡᠷᠭᠡ ᠬᠠᠮᠲᠤᠯᠢᠭ ᠤᠨ ᠡᠪᠡᠳᠴᠢᠨ ᠦᠵᠡᠭᠦᠯᠭᠦ ᠳᠤ ᠦᠢᠯᠡᠴᠢᠯᠡᠬᠦ ᠦᠢᠯᠡᠴᠢᠯᠡᠭᠡ  ᠶᠢ ᠰᠢᠯᠢᠳᠡᠭᠵᠢᠭᠦᠯᠪᠡ ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠪᠠ ᠠᠷᠠᠳ ᠤᠨ ᠠᠮᠢᠳᠤᠷᠠᠯ ᠳᠤ ᠠᠰᠢᠭ ᠲᠤᠰᠠ ᠬᠦᠷᠲᠡᠭᠡᠬᠦ ᠶᠢ ᠠᠬᠢᠭᠤᠯᠪᠠ ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ  ᠤᠨ ᠨᠥᠬᠦᠪᠦᠷᠢ ᠶᠢᠨ ᠪᠠᠷᠢᠮᠵᠢᠶ᠎ᠠ ᠶᠢ 50 ᠲᠥᠭᠦᠷᠢᠭ ᠪᠠᠶᠢᠭᠰᠠᠨ ᠠᠴᠠ 84 ᠲᠥᠭᠦᠷᠢᠭ ᠪᠤᠯᠳᠡᠯ᠎ᠠ ᠳᠡᠭᠡᠭᠰᠢᠯᠡᠭᠦᠯᠪᠡ ᠃ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠨ ᠂ ᠬᠦᠨᠳᠦ ᠶᠡᠭᠡ ᠤᠵᠢᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠪᠠ ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠵᠦ ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢ ᠪᠠᠶᠢᠭᠤᠯᠵᠤ ᠂ ᠬᠦᠨᠳᠦ ᠶᠡᠭᠡ ᠬᠢᠵᠢᠭ  ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ ᠂ ᠠᠷᠠᠳ ᠲᠦᠮᠡᠨ ᠤ ᠡᠷᠡᠭᠦᠯ ᠮᠡᠨᠳᠦ ᠶᠢ ᠴᠢᠷᠮᠠᠶᠢᠨ ᠪᠠᠲᠤᠯᠠᠪᠠ ᠃      ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠪᠠ ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠥᠪ  ᠠᠴᠠ ᠲᠣᠬᠢᠷᠠᠭᠤᠯᠬᠤ ᠳᠦᠷᠢᠮ ᠢ ᠪᠠᠶᠢᠭᠤᠯᠵᠤ ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠨᠡᠮᠡᠭᠳᠡᠭᠦᠯᠵᠦ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠬᠠᠮᠤᠭ ᠳᠣᠣᠷ᠎ᠠ ᠪᠠᠷᠢᠮᠵᠢᠶ᠎ᠠ  ᠶᠢ ᠳᠡᠭᠡᠭᠰᠢᠯᠡᠭᠦᠯᠵᠦ ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠂ ᠬᠠᠷᠠᠭᠠᠯᠵᠠᠯ ᠠᠰᠠᠷᠠᠮᠵᠢ ᠂ ᠠᠵᠢᠯ ᠠᠯᠳᠠᠭᠰᠠᠨ ᠪᠠ ᠠᠵᠢᠯ ᠠᠴᠠ ᠪᠣᠯᠤᠭᠰᠠᠨ ᠭᠡᠮᠲᠦᠯ ᠤᠨ ᠪᠠᠲᠤᠯᠠᠭ᠎ᠠ ᠵᠡᠷᠭᠡ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠪᠡ ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ ᠂ ᠨᠠᠰᠤᠵᠢᠯ ᠤᠨ ᠦᠢᠯᠡᠰ ᠪᠣᠯᠣᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ ᠃ ᠨᠠᠰᠤᠲᠠᠨ ᠢ ᠨᠡᠶᠢᠭᠡᠮ ᠲᠣᠭᠤᠷᠢᠭ ᠲᠤ ᠪᠠ ᠭᠡᠷ  ᠲᠤᠨᠢ ᠠᠰᠠᠷᠠᠬᠤ ᠦᠢᠯᠡᠴᠢᠯᠡᠭᠡ ᠶᠢ ᠬᠥᠭᠵᠢᠭᠦᠯᠵᠦ ᠂ ᠢᠵᠢ ᠪᠦᠷᠢᠳᠦᠭᠦᠯᠬᠦ ᠲᠥᠬᠦᠭᠡᠷᠦᠮᠵᠢ ᠪᠠ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠭᠠᠶᠢᠯᠢ ᠰᠦᠢᠳᠬᠡᠯ ᠂ ᠬᠡᠷᠡᠭᠯᠡᠬᠦ ᠭᠡᠷ ᠪᠠᠶᠢᠰᠢᠩ ᠂ ᠤᠰᠤ ᠴᠠᠭᠢᠯᠭᠠᠨ ᠬᠡᠢ ᠶᠢᠨ ᠦᠨ᠎ᠡ ᠬᠠᠩᠰᠢ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠪᠡ ᠃ ᠡᠮᠨᠡᠭᠦ ᠪᠠ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠵᠤ ᠂ ᠤᠷᠳᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠪᠠ ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ ᠶᠢᠨ ᠪᠣᠳᠣᠯᠭ᠎ᠠ ᠵᠢᠴᠢ ᠢᠵᠢ ᠪᠦᠷᠢᠳᠦᠭᠦᠯᠦᠨ ᠳᠡᠮᠵᠢᠭᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ ᠃ ᠴᠡᠷᠢᠭ ᠤᠨ ᠠᠯᠪᠠ ᠠᠴᠠ ᠪᠠᠭᠤᠭᠰᠠᠳ ᠤᠨ ᠬᠠᠮᠢᠶᠠᠷᠤᠯᠲᠠ ᠪᠠ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ ᠂ ᠪᠠᠲᠤᠯᠠᠭ᠎ᠠ  ᠶᠢᠨ ᠲᠦᠪᠰᠢᠨ ᠢ ᠳᠡᠭᠡᠭᠰᠢᠯᠡᠭᠦᠯᠪᠡ ᠃ ᠡᠮᠡᠭᠲᠡᠶᠢᠴᠦᠳ ᠂ ᠬᠡᠦᠬᠡᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠪᠠ ᠃ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠪᠡ ᠃ ᠵᠡᠮᠳᠡᠭᠴᠦᠳ ᠢ ᠪᠠᠲᠤᠯᠠᠬᠤ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠪᠡ ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ ᠂ ᠬᠦᠴᠢᠷᠳᠡᠯ ᠳᠤ ᠤᠴᠠᠷᠠᠭᠰᠠᠨ ᠬᠥᠮᠥᠰ ᠢ ᠴᠠᠭ ᠲᠤᠬᠠᠢ ᠳᠤᠨᠢ ᠬᠠᠪᠰᠤᠷᠤᠨ ᠲᠡᠳᠬᠦᠵᠦ ᠂ ᠵᠢᠯ ᠪᠦᠷᠢ ᠳᠤᠮᠳᠠᠴᠢ ᠪᠠᠷ 1100 ᠲᠦᠮᠡᠨ ᠬᠥᠮᠥᠨ ᠤᠳᠠᠭ᠎ᠠ ᠲᠦᠷ ᠴᠠᠭ ᠠᠪᠤᠷᠠᠨ ᠲᠤᠰᠠᠯᠠᠵᠤ ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠡᠷᠡᠰ ᠪᠠᠲᠤ ᠰᠦᠯᠵᠢᠨ ᠪᠠᠬᠢᠯᠡᠪᠡ ᠃      ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠪᠡ ᠃ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠪᠡ ᠃ ᠰᠣᠨᠢᠨ ᠮᠡᠳᠡᠭᠡᠯᠡᠯ ᠬᠡᠪᠯᠡᠯ ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠂ ᠤᠳᠬ᠎ᠠ ᠵᠣᠬᠢᠶᠠᠯ ᠤᠷᠠᠯᠢᠭ ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ ᠳᠠᠩᠰᠠ ᠡᠪᠬᠡᠮᠡᠯ ᠵᠡᠷᠭᠡ  ᠶᠢᠨ ᠦᠢᠯᠡᠰ ᠢ ᠬᠥᠭᠵᠢᠭᠦᠯᠵᠦ ᠂ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠪᠠ ᠃ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠪᠠ ᠃ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ ᠃ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠪᠡ ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠂ ᠲᠡᠦᠬᠡ ᠶᠢᠨ ᠳᠤᠷᠠᠰᠬᠠᠯᠲᠤ ᠵᠦᠢᠯ ᠪᠣᠯᠣᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠪᠠ ᠃ ᠰᠣᠶᠣᠯ  ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ ᠂ ᠣᠯᠠᠨ ᠨᠡᠶᠢᠲᠡ ᠶᠢᠨ ᠨᠣᠮ ᠤᠨ ᠰᠠᠩ ᠂ ᠮᠦᠽᠧᠢ ᠂ ᠤᠷᠠᠨ ᠵᠢᠷᠤᠭ ᠤᠨ ᠣᠷᠳᠣᠨ ᠂ ᠰᠣᠶᠣᠯ  ᠤᠨ ᠣᠷᠳᠣᠨ ᠥᠷᠲᠡᠭᠡ ᠶᠢ ᠨᠡᠶᠢᠭᠡᠮ ᠨᠠᠶᠢᠳᠡ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠪᠡ ᠃ ᠠᠷᠠᠳ ᠨᠠᠶᠢᠳᠡ ᠪᠠᠷ ᠢᠶᠠᠨ ᠨᠣᠮ ᠤᠩᠰᠢᠬᠤ ᠶᠢ ᠭᠦᠨᠵᠡᠭᠡᠢ ᠠᠬᠢᠭᠤᠯᠪᠠ ᠃ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠡᠮᠵᠢᠪᠡ ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ ᠃ ᠲᠠᠮᠢᠷᠴᠢᠳ ᠡᠷᠡᠯᠬᠡᠭᠯᠡᠨ ᠴᠢᠷᠮᠠᠶᠢᠵᠤ ᠰᠢᠯᠢᠳᠡᠭ ᠬᠢᠷᠢ ᠪᠦᠳᠦᠮᠵᠢ ᠣᠯᠵᠤ ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ ᠃      ︵ ᠠᠷᠪᠠ ︶ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠭᠦ ᠶᠢ ᠠᠬᠢᠭᠤᠯᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ ᠂ ᠠᠵᠤ ᠠᠬᠤᠢ ᠨᠡᠶᠢᠭᠡᠮ ᠤᠨ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠢᠶᠠᠷ ᠨᠡᠩ ᠰᠠᠶᠢᠨ ᠶᠠᠪᠤᠭᠳᠠᠭᠤᠯᠪᠠ ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ ᠂ ᠶᠡᠭᠡ ᠶᠣᠰᠣ ᠶᠢ ᠲᠦᠮᠡᠨ ᠤ ᠲᠥᠯᠥᠭᠡ ᠪᠤᠯᠭᠠᠵᠤ ᠂ ᠬᠠᠤᠯᠢ ᠶᠢ ᠴᠢᠩᠭ᠎ᠠ ᠵᠢᠷᠦᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠵᠦ ᠂ ᠵᠠᠰᠠᠭ ᠤᠨ ᠣᠷᠳᠣᠨ ᠤ ᠡᠷᠬᠡ ᠶᠢ ᠠᠷᠠᠳ ᠲᠦᠮᠡᠨ ᠣᠯᠭᠤᠭᠰᠠᠨ ᠪᠣᠯᠬᠤᠷ ᠂ ᠡᠷᠬᠡ ᠠᠳᠬᠤᠭᠠᠳ ᠳᠤᠷ᠎ᠠ ᠪᠠᠷ ᠢᠶᠠᠨ ᠪᠠᠶᠢᠵᠤ ᠪᠤᠯᠬᠤ ᠦᠭᠡᠢ ᠂ ᠡᠷᠬᠡ ᠬᠡᠷᠡᠭᠯᠡᠬᠦ ᠳᠡᠭᠡᠨ ᠡᠷᠬᠡᠪᠰᠢ ᠬᠢᠨᠠᠯᠲᠠ ᠬᠦᠯᠢᠶᠡᠬᠦ ᠬᠡᠷᠡᠭᠲᠡᠢ ᠪᠠᠶᠢᠬᠤ ᠶᠢ ᠬᠡᠷᠡᠭᠵᠢᠭᠦᠯᠪᠡ ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠲᠡᠭᠦᠯᠳᠡᠷᠵᠢᠭᠦᠯᠬᠦ ᠶᠢ ᠠᠬᠢᠭᠤᠯᠵᠤ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 50 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 180 ᠬᠤᠪᠢ ᠤᠳᠠᠭ᠎ᠠ ᠲᠣᠭᠲᠠᠭᠠᠭᠰᠠᠨ ᠪᠠ ᠵᠠᠰᠠᠨ ᠲᠣᠭᠲᠠᠭᠠᠪᠠ ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠨᠡᠶᠢᠭᠡᠮ ᠨᠡᠶᠢᠳᠡ ᠶᠢᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ ᠃ ᠬᠢᠨᠠᠨ ᠪᠣᠳᠣᠯᠲᠠ ᠶᠢᠨ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠪᠠ ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ ᠃ ᠠᠵᠢᠯᠴᠢᠨ ᠤ ᠡᠪᠯᠡᠯ ᠂ ᠡᠪ ᠬᠠᠮᠲᠤ ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠪᠡ ᠃      ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠪᠡ ᠃ ᠬᠤᠲᠠ ᠶᠢᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ ᠂ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠦᠨ ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠰᠢᠯᠢᠳᠡᠭᠵᠢᠭᠦᠯᠪᠡ ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠬᠥᠮᠦᠯᠢᠭ ᠠᠪᠤᠷᠠᠨ ᠲᠤᠰᠠᠯᠠᠯᠲᠠ ᠂ ᠨᠡᠶᠢᠭᠡᠮ ᠤᠨ ᠠᠵᠢᠯ ᠂ ᠰᠠᠶᠢᠨ ᠳᠤᠷ᠎ᠠ ᠶᠢᠨ ᠦᠢᠯᠡᠴᠢᠯᠡᠭᠡ ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠭᠦᠭᠵᠢᠭᠦ ᠶᠢ ᠲᠡᠮᠵᠢᠪᠡ ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠭᠦᠨᠵᠡᠭᠡᠢ ᠠᠬᠢᠭᠤᠯᠪᠠ ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠪᠡ ᠃ ᠢᠳᠡᠭᠡᠨ ᠤ ᠵᠦᠢᠯ ᠂ ᠡᠮ ᠤᠨ ᠵᠦᠢᠯ ᠢᠯᠠᠩᠭᠤᠶ᠎ᠠ ᠸᠠᠺᠼᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠥᠭᠡᠷᠡᠴᠢᠯᠡᠨ ᠴᠢᠩᠭᠠᠳᠬᠠᠵᠤ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠦᠶᠡᠷ ᠤᠰᠤᠲᠤᠯ ᠭᠠᠩ ᠬᠠᠭᠰᠠᠷᠠᠭᠠᠨ ᠂ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ ᠂ ᠭᠠᠵᠠᠷ ᠤᠨ ᠭᠠᠢ ᠭᠠᠮᠰᠢᠭ ᠂ ᠭᠠᠵᠠᠷ ᠬᠥᠳᠡᠯᠦᠯᠲᠡ ᠵᠡᠷᠭᠡ ᠶᠢᠨ ᠰᠡᠷᠭᠡᠶᠢᠯᠡᠯᠲᠡ ᠪᠠ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠪᠡ ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ ᠃ ᠰᠦᠯᠵᠢᠶ᠎ᠡ ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠪᠠ ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠵᠦ ᠂ ᠬᠠᠷ᠎ᠠ ᠬᠠᠷᠭᠢᠰ ᠬᠦᠴᠦᠨ ᠵᠢᠴᠢ ︽ ᠥᠮᠥᠭ ᠬᠠᠯᠬᠠᠪᠴᠢ ︾ ᠶᠢ  ᠨᠢ ᠬᠠᠤᠯᠢ ᠶᠣᠰᠣᠭᠠᠷ ᠴᠢᠩᠭ᠎ᠠ ᠰᠢᠢᠳᠬᠡᠵᠦ ᠂ ᠠᠮᠤᠷ ᠠᠮᠤᠭᠤᠯᠠᠩ ᠳᠤᠮᠳᠠᠳᠤ ᠤᠯᠤᠰ ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ ᠃      ᠲᠥᠯᠥᠭᠡᠯᠡᠭᠴᠢᠳ ᠠ᠋ ︕      ᠲᠠᠪᠤᠨ ᠵᠢᠯ ᠤᠨ ᠲᠤᠷᠰᠢ ᠂ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠲᠤᠯᠭᠤᠷ ᠵᠣᠷᠢᠯᠲᠠ ᠪᠠᠨ ᠦᠯᠦ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ︽ ᠳᠥᠷᠪᠡᠨ ᠰᠤᠷᠲᠠᠯ ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ ᠂ ᠭᠡᠯᠪᠡᠷᠢ ᠶᠢᠨ ᠦᠵᠡᠯ ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ ᠂ ︽ ᠭᠤᠷᠪᠠᠨ ᠵᠦᠢᠯ ᠤᠨ ᠠᠯᠪᠠᠨ ᠤ ᠵᠠᠷᠤᠳᠠᠯ ︾ ᠢ ᠶᠡᠭᠡ ᠪᠠᠷ ᠪᠠᠭᠠᠰᠬᠠᠨ ᠬᠠᠰᠤᠪᠠ ᠃ ᠲᠣᠭᠲᠠᠭᠠᠯ ᠠᠴᠠ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ ᠪᠠᠶᠢᠭᠤᠯᠤᠭᠰᠠᠨ ᠪᠠ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠭᠰᠠᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠪᠡ ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠪᠠ ᠃ ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ ᠬᠢᠨᠠᠯᠲᠠ ᠂ ᠬᠢᠨᠠᠨ ᠪᠠᠶᠢᠴᠠᠭᠠᠬᠤ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ ᠃      ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠳᠥᠲᠡ ᠵᠠᠮ ᠭᠡᠵᠦ ᠪᠠᠶᠢᠳᠠᠭ ᠦᠭᠡᠢ ᠂ ᠪᠣᠳᠠᠲᠠᠢ ᠪᠠᠷ ᠠᠵᠢᠯᠯᠠᠬᠤ ᠨᠢ ᠮᠠᠰᠢ ᠴᠢᠬᠤᠯᠠ ᠶᠤᠮ ᠃ ᠲᠠᠪᠤᠨ ᠵᠢᠯ ᠤᠨ ᠲᠤᠷᠰᠢ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠦᠨᠳᠦᠰᠦᠨ ᠤᠨᠤᠯ ᠂ ᠦᠨᠳᠦᠰᠦᠨ ᠱᠤᠭᠤᠮ ᠂ ᠦᠨᠳᠦᠰᠦᠨ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠪᠠ ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠤᠴᠢᠷ ᠶᠠᠪᠤᠳᠠᠯ ᠤᠨ ᠡᠮᠦᠨ᠎ᠡ ᠬᠦᠴᠢᠷ ᠲᠦᠪᠡᠭ ᠠᠴᠠ ᠦᠯᠦ ᠡᠮᠢᠶᠡᠨ ᠂ ᠠᠵᠢᠯ ᠶᠠᠪᠤᠳᠠᠯ ᠪᠦᠲᠦᠭᠡᠬᠦ ᠳᠡᠭᠡᠨ ᠭᠠᠴᠢᠭ ᠪᠡᠷᠬᠡᠰᠢᠶᠡᠯ ᠠᠴᠠ ᠦᠯᠦ ᠳᠠᠯᠳᠢᠷᠠᠵᠤ ᠂ ᠪᠣᠳᠠᠲᠠᠢ ᠠᠵᠢᠯᠯᠠᠬᠤ ᠪᠠᠷ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠱᠠᠭᠠᠷᠳᠠᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠲᠥᠪᠯᠡᠷᠡᠭᠦᠯᠦᠨ ᠬᠥᠭᠵᠢᠯᠲᠡ ᠶᠢ ᠠᠳᠬᠤᠪᠠ ︔ ᠠᠷᠠᠳ ᠲᠦᠮᠡᠨ ᠤ ᠬᠦᠰᠡᠯ ᠡᠷᠡᠮᠡᠯᠵᠡᠯ ᠢᠶᠠᠷ ᠵᠠᠰᠠᠭ ᠶᠠᠪᠤᠭᠤᠯᠬᠤ ᠬᠠᠨᠳᠤᠰᠢ ᠪᠤᠯᠭᠠᠵᠤ ᠂ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ ᠂ ᠠᠯᠢᠪᠠ ᠪᠦᠭᠦᠨ ᠳᠤ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠨ ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠨᠢᠮᠪᠠᠢ ᠰᠣᠨᠣᠰᠴᠤ ᠂ ᠤᠯᠠᠨ ᠲᠦᠮᠡᠨ ᠤ ᠵᠣᠪᠠᠯ ᠵᠢᠷᠭᠠᠯ ᠢ ᠭᠦᠨᠵᠡᠭᠡᠢ ᠣᠶᠢᠯᠠᠭᠠᠵᠤ ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ ︔ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ ᠂ ᠪᠤᠰᠤᠳᠴᠢ ᠵᠢᠮ᠎ᠡ ᠶᠣᠰᠣ ᠶᠢ ᠬᠦᠨᠳᠦᠳᠬᠡᠨ ᠂ ᠬᠡᠢ ᠬᠤᠭᠤᠰᠤᠨ ᠶᠠᠷᠢᠵᠤ ᠣᠩᠭᠢᠷᠠᠬᠤ ᠂ ᠥᠩᠭᠡᠪᠴᠢ ᠠᠵᠢᠯ ᠬᠢᠬᠦ ᠂ ᠳᠦᠷᠢ ᠲᠥᠷᠬᠦ ᠶᠢᠨ ᠢᠨᠵᠧᠨᠧᠷᠢᠩ ᠬᠢᠬᠦ ᠴᠢᠨᠠᠭᠰᠢᠯᠠᠪᠠᠯ ᠰᠣᠬᠤᠷ ᠪᠠᠯᠠᠢ ᠪᠠᠷ ᠠᠵᠢᠯᠯᠠᠬᠤ ᠶᠢ ᠡᠷᠡᠰ ᠡᠰᠡᠷᠭᠦᠴᠡᠪᠡ ︔ ᠥᠭᠡᠷᠡᠴᠢᠯᠡᠯᠲᠡ ᠶᠢᠨ ᠠᠷᠭ᠎ᠠ ᠪᠠ ᠰᠢᠨᠲᠠᠷᠠᠰᠢ ᠦᠭᠡᠢ ᠵᠣᠷᠢᠭ ᠰᠠᠨᠠᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠨ ᠂ ᠠᠮᠢᠵᠢᠷᠠᠯ ᠤᠨ ᠬᠦᠴᠦᠨ ᠢ ᠬᠥᠭᠵᠢᠭᠡᠵᠦ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ ᠂ ᠵᠠᠰᠠᠭ ᠤᠨ ᠠᠵᠢᠯ ᠳᠤ ᠦᠬᠡᠨᠴᠡ ᠵᠠᠯᠬᠠᠭᠤ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠪᠡ ᠃ ᠠᠷᠠᠳ ᠣᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠤᠯᠠᠮ ᠠᠴᠠ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ ᠃      ᠲᠥᠯᠥᠭᠡᠯᠡᠭᠴᠢᠳ ᠠ᠋ ︕      ᠥᠩᠭᠡᠷᠡᠭᠰᠡᠨ ᠲᠠᠪᠤᠨ ᠵᠢᠯ ᠳᠤ ᠂ ᠦᠨᠳᠦᠰᠦᠲᠡᠨ ᠂ ᠱᠠᠰᠢᠨ ᠰᠤᠷᠲᠠᠬᠤᠨ ᠂ ᠬᠠᠷᠢᠶᠠᠲᠤ ᠨᠠᠷ ᠤᠨ ᠶᠠᠪᠤᠳᠠᠯ ᠵᠡᠷᠭᠡ ᠶᠢᠨ ᠠᠵᠢᠯ ᠢ ᠰᠢᠨ᠎ᠡ ᠶᠢ ᠡᠭᠦᠳᠦᠨ ᠲᠡᠭᠦᠯᠳᠡᠷᠵᠢᠭᠦᠯᠪᠡ ᠃ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠰᠢᠨ᠎ᠡ ᠪᠠᠶᠢᠳᠠᠯ ᠢᠯᠡᠷᠡᠪᠡ ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠲᠤᠭᠤᠰᠢᠯᠠᠭᠤᠯᠵᠤ ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠳᠡ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠠᠬᠢᠭᠤᠯᠪᠠ ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠤᠨ ᠡᠬᠡ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠠᠪᠤᠴᠠ ᠳᠠᠬᠢ ᠥᠪᠡᠷᠮᠢᠴᠡ ᠳᠠᠪᠠᠭᠤᠯᠢᠭ ᠪᠠ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠪᠠ ᠃      ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠠᠯᠢ ᠤᠯᠠᠨ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠶᠢ ᠣᠯᠵᠤ ᠂ ᠠᠯᠢ ᠤᠯᠠᠨ ᠴᠢᠬᠤᠯᠠ ᠶᠡᠭᠡ ᠬᠤᠪᠢᠰᠤᠯᠲᠠ ᠭᠠᠷᠪᠠ ᠃ ᠠᠷᠠᠳ ᠤᠨ ᠴᠡᠷᠢᠭ ᠠᠩᠭᠢ ᠤᠯᠤᠰ ᠲᠥᠷᠥ ᠪᠠᠷ ᠴᠡᠷᠢᠭ ᠪᠠᠶᠢᠭᠤᠯᠬᠤ ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠭᠦᠨᠵᠡᠭᠡᠢ ᠠᠬᠢᠭᠤᠯᠵᠤ ᠂ ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠭᠦᠨᠵᠡᠭᠡᠢ ᠠᠬᠢᠭᠤᠯᠤᠨ ᠂ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠ ᠪᠣᠳᠠᠲᠤ ᠪᠠᠶᠢᠯᠳᠤᠭᠠᠨ ᠤ ᠴᠢᠳᠠᠪᠤᠷᠢ ᠨᠢ ᠢᠯᠡᠳᠲᠡ ᠳᠡᠭᠡᠭᠰᠢᠯᠡᠪᠡ ᠃ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ ᠠᠮᠢᠳᠤᠯᠢᠭ ᠢᠶᠠᠷ ᠥᠷᠨᠢᠭᠦᠯᠵᠦ ᠂ ᠬᠢᠯᠢ ᠶᠢᠨ ᠬᠠᠮᠠᠭᠠᠯᠠᠯᠲᠠ ᠶᠢᠨ ᠲᠡᠮᠡᠴᠡᠯ ᠬᠢᠬᠦ ᠂ ᠳᠠᠯᠠᠶ ᠳᠡᠭᠡᠷᠡᠬᠢ ᠡᠷᠬᠡ ᠪᠠᠨ ᠬᠠᠮᠠᠭᠠᠯᠠᠬᠤ ᠂ ᠰᠦᠷᠳᠡᠭᠦᠯᠦᠯ ᠢ ᠡᠰᠡᠷᠭᠦᠴᠡᠨ ᠲᠣᠭᠲᠠᠭᠤᠨ ᠪᠠᠶᠢᠳᠠᠯ ᠢ ᠬᠠᠮᠠᠭᠠᠯᠠᠬᠤ ᠂ ᠠᠶᠤᠯ ᠠᠴᠠ ᠠᠪᠤᠷᠠᠵᠤ ᠭᠠᠮᠰᠢᠭ ᠠᠴᠠ ᠲᠡᠩᠬᠡᠷᠡᠭᠦᠯᠬᠦ ᠂ ᠬᠢᠵᠢᠭ ᠢ ᠡᠰᠡᠷᠭᠦᠴᠡᠬᠦ ᠂ ᠡᠩᠬᠡ ᠲᠠᠶᠢᠪᠤᠩ ᠢ ᠬᠠᠮᠠᠭᠠᠯᠠᠵᠤ ᠠᠶᠠᠯᠠᠯ ᠢ ᠬᠠᠮᠠᠭᠠᠯᠠᠬᠤ ᠵᠡᠷᠭᠡ ᠴᠢᠬᠤᠯᠠ ᠶᠡᠭᠡ ᠡᠭᠦᠷᠭᠡ ᠶᠢ ᠪᠦᠲᠦᠮᠵᠢᠲᠡᠶ ᠭᠦᠢᠴᠡᠳᠬᠡᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠤᠯᠤᠰ ᠤᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠶᠢ ᠬᠦᠴᠦᠲᠡᠢ ᠬᠠᠮᠠᠭᠠᠯᠠᠪᠠ ᠃      ᠰᠢᠶᠠᠩᠭᠠᠩ ᠣᠣᠮᠧᠨ ᠲᠠᠶᠢᠸᠠᠨ ᠤ ᠠᠵᠢᠯ ᠰᠢᠨ᠎ᠡ ᠠᠬᠢᠴᠠ ᠲᠠᠢ ᠪᠣᠯᠪᠠ ᠃ ᠦᠨᠳᠦᠰᠦᠨ ᠬᠠᠤᠯᠢ ᠪᠣᠯᠣᠨ ᠭᠤᠣᠯ ᠬᠠᠤᠯᠢ ᠶᠢᠨ ᠶᠣᠰᠣᠭᠠᠷ ᠵᠠᠰᠠᠭ ᠵᠠᠬᠢᠷᠭᠠᠨ ᠤ ᠣᠨᠴᠠᠭᠠᠶ ᠣᠷᠣᠨ ᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠᠨ ᠪᠦᠲᠦᠮᠵᠢᠲᠡᠶ ᠬᠡᠷᠡᠭᠵᠢᠭᠦᠯᠵᠦ ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ ᠂ ︽ ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ ︾ ᠂ ︽ ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ ︾ ᠵᠠᠷᠴᠢᠮ ᠢ ᠨᠠᠶᠢᠳᠠᠪᠤᠷᠢᠵᠢᠭᠤᠯᠤᠭᠠᠳ ᠂ ᠰᠢᠶᠠᠩᠭᠠᠩ ᠤᠨ ᠰᠠᠮᠠᠭᠤᠷᠠᠯ ᠠᠴᠠ ᠵᠠᠰᠠᠯᠲᠠ ᠳᠤ ᠭᠦᠷᠦᠭᠰᠡᠨ ᠠᠴᠠ ᠪᠠᠨ ᠵᠠᠰᠠᠯᠲᠠ ᠠᠴᠠ ᠪᠠᠳᠠᠷᠠᠯ ᠳᠤ ᠬᠦᠷᠬᠦ ᠰᠢᠨ᠎ᠡ ᠱᠠᠲᠤ ᠦᠶ᠎ᠡ ᠳᠤ ᠣᠷᠣᠬᠤ ᠶᠢ ᠠᠬᠢᠭᠤᠯᠪᠠ ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠰᠢᠶᠠᠩᠭᠠᠩ ᠂ ᠣᠣᠮᠧᠨ ᠤ ᠠᠵᠤ ᠠᠬᠤᠢ ᠪᠠᠨ ᠬᠥᠭᠵᠢᠭᠦᠯᠬᠦ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠲᠡᠮᠵᠢᠪᠡ ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ ᠂ ᠬᠠᠭᠠᠴᠠᠭᠤᠯᠬᠤ ᠶᠢ ᠡᠰᠡᠷᠭᠦᠴᠡᠬᠦ ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ ᠭᠦᠭᠵᠢᠭᠦ ᠶᠢ ᠦᠷᠭᠦᠯᠵᠢᠯᠡᠨ ᠠᠬᠢᠭᠤᠯᠪᠠ ᠃      ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠳᠡ ᠬᠢᠵᠦ ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠭᠡᠯᠪᠡᠷᠢ ᠪᠠᠷ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠰᠢᠷᠢᠰ ᠳᠡᠭᠡᠳᠦ ᠳᠡᠰ ᠤᠨ ᠬᠤᠷᠠᠯ ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠂ ᠳᠤᠮᠳᠠᠳᠤ ᠡᠸᠦ᠋ᠷᠦᠫᠡ ᠶᠢᠨ ᠤᠳᠤᠷᠢᠳᠬᠤ ᠬᠥᠮᠥᠰ ᠤᠨ ᠠᠭᠤᠯᠵᠠᠯᠲᠠ ᠵᠡᠷᠭᠡ ᠠᠯᠢ ᠤᠯᠠᠨ ᠴᠢᠬᠤᠯᠠ ᠶᠡᠭᠡ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠪᠠ ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠴᠢᠩᠳᠣᠣ ᠳᠠᠬᠢ ᠲᠦᠷᠦᠭᠦᠴᠦᠳ ᠤᠨ ᠬᠤᠷᠠᠯ ᠂ BRICS ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠯᠴᠠᠭᠠᠨ ᠤ ᠬᠤᠷᠠᠯ ᠂ ︽ ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠵᠡᠷᠭᠡ ᠤᠯᠠᠨ ᠤᠳᠠᠭᠠᠨ ᠤ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ ᠃ ᠵᠣᠷᠢᠭᠲᠠᠢ ᠪᠠᠷ ᠲᠡᠮᠡᠴᠡᠯ ᠬᠢᠬᠦ ᠂ ᠴᠢᠳᠠᠮᠠᠭᠠᠢ ᠪᠠᠷ ᠲᠡᠮᠡᠴᠡᠯ ᠬᠢᠬᠦ ᠶᠢ ᠪᠠᠷᠢᠮᠲᠠᠯᠠᠵᠤ ᠂ ᠮᠠᠨ ᠤ ᠤᠯᠤᠰ ᠤᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ ᠃ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠢ ᠥᠷᠭᠡᠳᠬᠡᠵᠦ ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠂ ᠤᠯᠠᠨ ᠲᠠᠯᠠᠲᠤ ᠦᠵᠡᠯ ᠢ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ ᠃ ᠳᠤᠮᠳᠠᠳᠤ ᠤᠯᠤᠰ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ ᠬᠤᠪᠢ ᠳᠤ ᠂ ᠣᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠠᠬᠢᠭᠤᠯᠬᠤ ᠂ ᠪᠦᠭᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠪᠣᠯᠣᠨ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠴᠢᠬᠤᠯᠠ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃      ᠲᠥᠯᠥᠭᠡᠯᠡᠭᠴᠢᠳ ᠠ᠋ ︕      ᠡᠳᠡᠭᠡᠷ ᠵᠢᠯ ᠤᠳ ᠲᠤ ᠮᠠᠨ ᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠂ ᠡᠯ᠎ᠡ ᠠᠷᠠᠳᠴᠢᠯᠠᠭᠰᠠᠨ ᠨᠠᠮ ᠪᠦᠯᠦᠭ ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ ᠂ ᠲᠠᠶᠢᠸᠠᠨ ᠤ ᠠᠬ᠎ᠠ ᠳᠡᠭᠦᠦ ᠨᠠᠷ ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕      ᠬᠥᠭᠵᠢᠯᠲᠡ ᠶᠢᠨ ᠠᠮᠵᠢᠯᠲᠠ ᠪᠦᠳᠦᠮᠵᠢ ᠶᠢ ᠣᠯᠵᠤ ᠬᠠᠷᠠᠬᠤ ᠶᠢᠨ ᠬᠠᠮᠲᠤ ᠪᠢᠳᠡ ᠪᠠᠰᠠ ᠮᠠᠨ ᠤ ᠤᠯᠤᠰ ᠪᠣᠯ ᠨᠢᠭᠡᠨ ᠬᠥᠭᠵᠢᠵᠦ ᠪᠠᠶᠢᠭ᠎ᠠ ᠲᠣᠮᠣ ᠤᠯᠤᠰ ᠮᠥᠨ ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠣᠪᠣᠶᠢᠮ᠎ᠠ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠣᠯᠪᠠ ᠃ ᠣᠳᠣᠬᠠᠨ ᠤ ᠬᠥᠭᠵᠢᠯᠲᠡ ᠳᠤ ᠮᠠᠰᠢ ᠤᠯᠠᠨ ᠬᠦᠴᠢᠷ ᠪᠡᠷᠬᠡᠰᠢᠶᠡᠯ ᠪᠠ ᠰᠢᠯᠭᠠᠯᠲᠠ ᠲᠤᠯᠭᠠᠷᠠᠵᠤ ᠪᠠᠶᠢᠨ᠎ᠠ ᠃ ᠭᠠᠳᠠᠭᠠᠳᠤ ᠣᠷᠴᠢᠨ ᠨᠥᠬᠦᠴᠡᠯ ᠤᠨ ᠮᠠᠭᠠᠳ ᠪᠤᠰᠤ ᠴᠢᠨᠠᠷ ᠶᠡᠬᠡᠰᠴᠦ ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠪᠠᠶᠢᠳᠠᠯ ᠮᠥᠨ ᠬᠡᠴᠡᠭᠦᠦ ᠪᠠᠶᠢᠵᠤ ᠂ ᠳᠡᠯᠡᠬᠡᠢ ᠶᠢᠨ ᠠᠵᠤ ᠠᠬᠤᠢ ᠪᠣᠯᠣᠨ ᠠᠷᠠᠯᠵᠢᠶᠠᠨ ᠤ ᠨᠡᠮᠡᠭᠳᠡᠯ ᠤᠨ ᠬᠥᠳᠡᠯᠭᠡᠭᠴᠢ ᠡᠨᠧᠷᠭᠢ ᠪᠠᠭᠤᠷᠠᠵᠤ ᠂ ᠭᠠᠳᠠᠨ᠎ᠠ ᠠᠴᠠ ᠢᠷᠡᠬᠦ ᠳᠠᠷᠤᠯᠲᠠ ᠬᠤᠷᠢᠭᠯᠠᠯᠲᠠ ᠲᠠᠰᠤᠷᠠᠯᠳᠠ ᠦᠭᠡᠢ ᠰᠢᠷᠦᠭᠦᠰᠴᠦ ᠪᠠᠶᠢᠨ᠎ᠠ ᠃ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠨᠡᠮᠡᠭᠳᠡᠯ ᠤᠨ ᠲᠣᠭᠲᠠᠪᠤᠷᠢᠵᠢᠨ ᠰᠠᠶᠢᠵᠢᠷᠠᠬᠤ ᠰᠠᠭᠤᠷᠢ ᠶᠢ ᠪᠠᠰᠠ ᠪᠠᠲᠤᠳᠬᠠᠬᠤ ᠴᠢᠬᠤᠯᠠᠲᠠᠢ ᠪᠠᠶᠢᠵᠤ ᠂ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠨᠢ ᠮᠥᠨ ᠬᠦ ᠲᠣᠪᠣᠶᠢᠮ᠎ᠠ ᠵᠥᠷᠢᠴᠡᠯ ᠪᠣᠯᠵᠤ ᠂ ᠠᠷᠠᠳ ᠤᠨ ᠪᠡᠯᠡ ᠣᠷᠣᠭᠤᠯᠤᠯᠲᠠ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠱᠢᠯᠲᠡ ᠲᠣᠭᠲᠠᠭᠤᠨ ᠪᠤᠰᠤ ᠪᠠᠶᠢᠵᠤ ᠂ ᠴᠥᠭᠡᠨ ᠪᠤᠰᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠵᠤ ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠡᠭᠦᠷᠭᠡ ᠬᠠᠲᠠᠭᠤ ᠪᠡᠷᠬᠡ ᠪᠣᠯᠵᠤ ᠂ ᠵᠠᠷᠢᠮ ᠦᠨᠳᠦᠰᠦᠨ ᠱᠠᠲᠤᠨ ᠤ ᠤᠷᠤᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠶᠡᠭᠡ ᠪᠠᠶᠢᠨ᠎ᠠ ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢᠨ ᠳᠠᠯᠳᠠ ᠭᠡᠮ ᠨᠡᠯᠢᠶᠡᠳ ᠣᠯᠠᠨ ᠪᠠᠶᠢᠵᠤ ᠂ ᠵᠠᠷᠢᠮ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠢᠯᠡᠷᠡᠨ ᠭᠠᠷᠪᠠ ᠃ ᠬᠥᠭᠵᠢᠯᠲᠡ ᠳᠤ ᠮᠥᠨ ᠯᠡ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠴᠥᠭᠡᠨ ᠪᠤᠰᠤ ᠣᠷᠣᠰᠢᠵᠤ ᠪᠠᠶᠢᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠳᠤ ᠮᠥᠨ ᠢᠯᠡᠳᠲᠡ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ ᠃ ᠠᠷᠠᠳ ᠤᠨ ᠠᠮᠢᠳᠤᠷᠠᠯ ᠤᠨ ᠬᠦᠷᠢᠶᠡᠨ ᠳᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ ᠃ ᠭᠡᠯᠪᠡᠷᠢ ᠶᠢᠨ ᠦᠵᠡᠯ ᠂ ᠨᠣᠶᠠᠨᠴᠢ ᠰᠤᠷᠲᠠᠯ ᠤᠨ ᠦᠵᠡᠭᠳᠡᠯ ᠮᠥᠨ ᠨᠡᠯᠢᠶᠡᠳ ᠲᠣᠪᠣᠶᠢᠮ᠎ᠠ ᠪᠠᠶᠢᠵᠤ ᠂ ᠵᠠᠷᠢᠮ ᠭᠠᠵᠠᠷ ᠣᠷᠣᠨ ᠤ  ᠬᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ ᠂ ᠱᠠᠲᠤ ᠱᠠᠲᠤ ᠪᠠᠷ ᠨᠥᠬᠦᠴᠡᠯ ᠨᠡᠮᠡᠵᠦ ᠪᠠᠶᠢᠨ᠎ᠠ ᠂ ᠵᠠᠷᠢᠮ ᠺᠠᠳ᠋ᠷ ᠠᠵᠢᠯ ᠬᠢᠬᠦ ᠦᠭᠡᠢ ᠂ ᠳᠤᠷ᠎ᠠ ᠪᠠᠷ ᠢᠶᠠᠨ ᠦᠢᠯᠡᠳᠭᠦ ᠂ ᠳᠥᠭᠦᠮᠴᠢᠯᠡᠬᠦ ᠪᠠᠶᠢᠳᠠᠯ ᠲᠠᠢ ᠪᠠᠶᠢᠵᠤ ᠂ ᠪᠣᠳᠠᠲᠤ ᠪᠠᠶᠢᠳᠠᠯ ᠠᠴᠠ ᠰᠠᠯᠤᠩᠭᠢᠷᠠᠬᠤ ᠂ ᠤᠯᠠᠨ ᠲᠦᠮᠡᠨ ᠤ ᠬᠦᠰᠡᠯ ᠰᠠᠨᠠᠭ᠎ᠠ ᠠᠴᠠ ᠲᠡᠷᠰᠯᠡᠬᠦ ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠯᠦ ᠬᠠᠶᠢᠬᠤᠷᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ ᠃ ᠵᠠᠷᠢᠮ ᠬᠦᠷᠢᠶ᠎ᠡ ᠂ ᠠᠵᠢᠯ ᠲᠦᠷᠦᠯ ᠂ ᠣᠷᠣᠨ ᠨᠤᠲᠤᠭ ᠲᠤ ᠢᠯᠵᠢᠷᠡᠮᠡᠯ ᠦᠵᠡᠭᠳᠡᠯ ᠪᠠᠶᠢᠨ ᠪᠠᠶᠢᠨ ᠭᠠᠷᠴᠤ ᠪᠠᠶᠢᠨ᠎ᠠ ᠃ ᠵᠠᠰᠠᠭ ᠤᠨ ᠣᠷᠳᠣᠨ ᠤ ᠠᠵᠢᠯ ᠳᠤ ᠠᠷᠠᠳ ᠤᠯᠠᠨ ᠪᠠᠰᠠ ᠵᠠᠷᠢᠮ ᠰᠠᠨᠠᠯ ᠪᠠ ᠰᠠᠨᠠᠭᠤᠯᠭ᠎ᠠ ᠪᠠᠶᠢᠬᠤ ᠶᠢ ᠴᠢᠬᠤᠯᠠᠴᠢᠯᠠᠨ ᠦᠵᠡᠬᠦ ᠬᠡᠷᠡᠭᠲᠡᠢ ᠃ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠨ ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠵᠤ ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠃      ᠬᠤᠶᠠᠷ ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ      ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠳᠡ ᠶᠢᠨ ᠵᠢᠯ ᠮᠥᠨ ᠃ ᠵᠠᠰᠠᠭ ᠤᠨ

        365赢多少钱会被限额_国内有真正的365平台吗_365bet博彩官网

        ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠂ ᠵᠠᠬ᠎ᠠ ᠳᠡᠯᠭᠡᠭᠦᠷ ᠤᠨ ᠢᠲᠡᠭᠡᠯ ᠢ ᠶᠡᠭᠡ ᠪᠠᠷ ᠬᠥᠪᠴᠢᠯᠡᠵᠦ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ ᠂ ᠨᠡᠮᠡᠭᠳᠡᠯ ᠢ ᠲᠣᠭᠲᠠᠭᠤᠨ ᠪᠠᠶᠢᠯᠭᠠᠬᠤ ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠵᠢᠯ ᠢ ᠲᠣᠪᠤᠶᠢᠯᠭᠠᠨ ᠰᠠᠶᠢᠲᠤᠷ ᠬᠢᠵᠦ ᠂ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠵᠤ ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠭᠢᠯᠡᠯᠲᠡ ᠤᠷᠤᠭᠰᠢᠲᠠᠢ ᠭᠠᠷᠤᠭ᠎ᠠ ᠰᠠᠶᠢᠲᠠᠢ ᠪᠠᠶᠢᠯᠭᠠᠬᠤ ᠬᠡᠷᠡᠭᠲᠡᠢ ᠃      ᠡᠨᠡ ᠵᠢᠯ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠭᠡᠪᠡᠯ ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠨᠡᠮᠡᠭᠳᠡᠭᠦᠯᠦᠨ᠎ᠡ ︔ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠣᠷᠴᠢᠮ ᠰᠢᠨ᠎ᠡ ᠪᠠᠷ ᠨᠡᠮᠡᠭᠳᠡᠭᠦᠯᠵᠦ ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠨ᠎ᠠ ︔ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠪᠠᠶᠢᠳᠠᠯ ᠢ ᠠᠬᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠵᠦ ᠂ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ ︔ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠪᠣᠯᠣᠨ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠎ᠠ ᠃      ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠶᠢ ᠪᠠᠷᠢᠮᠲᠠᠯᠠᠨ ᠂ ᠪᠠᠶᠢᠯᠳᠤᠬᠤ ᠪᠣᠳᠣᠯᠭ᠎ᠠ ᠶᠢᠨ ᠳᠤᠭᠢᠶᠠᠯ ᠪᠣᠯᠣᠨ ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ ᠂ ᠮᠠᠭᠠᠳ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ ᠤᠳ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠂ ᠲᠣᠭᠲᠠᠪᠤᠷᠢᠲᠤ ᠴᠢᠨᠠᠷ ᠪᠠ ᠬᠠᠨᠳᠤᠯᠭᠠᠲᠤ ᠴᠢᠨᠠᠷ ᠢ ᠪᠠᠲᠤᠯᠠᠵᠤ ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠨᠡᠶᠢᠯᠡᠯ ᠬᠦᠴᠦᠨ ᠢ ᠪᠦᠷᠢᠯᠳᠦᠭᠦᠯᠦᠨ᠎ᠡ ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠤᠨ᠎ᠠ ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠂ ᠭᠠᠶᠢᠯᠢ ᠪᠤᠴᠠᠭᠠᠬᠤ ᠭᠠᠶᠢᠯᠢ ᠬᠤᠶᠢᠰᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢᠨ ᠦᠷᠭᠦᠯᠵᠢᠯᠡᠭᠦᠯᠬᠦ ᠶᠣᠰᠣᠲᠠᠢ ᠶᠢ ᠨᠢ ᠦᠷᠭᠦᠯᠵᠢᠯᠡᠭᠦᠯᠵᠦ ᠂ ᠰᠢᠯᠢᠳᠡᠭᠵᠢᠭᠦᠯᠬᠦ ᠴᠢᠬᠤᠯᠠᠲᠠᠢ ᠶᠢ ᠨᠢ ᠰᠢᠯᠢᠳᠡᠭᠵᠢᠭᠦᠯᠦᠨ᠎ᠡ ᠃ ᠦᠨᠳᠦᠰᠦᠨ ᠱᠠᠲᠤᠨ ᠤ ︽ ᠭᠤᠷᠪᠠ ᠶᠢ ᠪᠠᠲᠤᠯᠠᠬᠤ ︾ ᠠᠵᠢᠯ ᠢ ᠰᠠᠶᠢᠲᠤᠷ ᠬᠢᠨ᠎ᠡ ᠃ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠨ᠎ᠠ ᠃ ᠳᠡᠯᠭᠡᠷᠡᠩᠭᠦᠢ ᠤᠳᠬ᠎ᠠ ᠶᠢᠨ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠲᠠᠢ ᠦᠨᠳᠦᠰᠦᠨ ᠳᠡᠭᠡᠨ ᠵᠣᠬᠢᠴᠠᠯᠳᠤᠭᠤᠯᠵᠤ ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠠᠮᠵᠢᠨ᠎ᠠ ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ ᠃ ᠠᠵᠤ ᠦᠢᠯᠡᠰ ᠤᠨ ᠲᠦᠷᠦ ᠶᠢᠨ ᠪᠣᠳᠣᠯᠭ᠎ᠠ ᠳᠤ ᠬᠥᠭᠵᠢᠯᠲᠡ ᠪᠣᠯᠣᠨ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠨ᠎ᠠ ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠭᠦ ᠶᠢ ᠠᠬᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ ᠂ ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠢ ᠭᠤᠭᠴᠤᠭ᠎ᠠ ᠶᠢ ᠬᠦᠴᠦᠯᠡᠨ ᠨᠥᠬᠦᠪᠦᠷᠢᠯᠡᠵᠦ ᠴᠢᠩᠭᠠᠳᠬᠠᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠣᠳᠣᠯᠭ᠎ᠠ ᠳᠤ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠬᠦ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠶᠢ ᠪᠠᠷᠢᠮᠲᠠᠯᠠᠨ᠎ᠠ ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠲᠡᠭᠦᠯᠳᠡᠷᠵᠢᠭᠦᠯᠵᠦ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤᠮᠳᠠᠬᠢ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠡᠮᠵᠢᠭᠦ ᠪᠠ ᠲᠤᠪᠤᠶᠢᠯᠭᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠵᠢᠴᠢ ᠪᠦᠯᠭᠦᠮ ᠨᠡᠶᠢᠳᠠ ᠶᠢ ᠬᠥᠮᠥᠵᠢᠭᠦᠯᠬᠦ ᠶᠢ ᠳᠡᠮᠵᠢᠭᠦ ᠡᠷᠴᠢᠮ ᠢ ᠴᠢᠩᠭᠠᠷᠠᠭᠤᠯᠤᠨ᠎ᠠ ᠃ ᠨᠡᠶᠢᠭᠡᠮ ᠤᠨ ᠲᠦᠷᠦ ᠶᠢᠨ ᠪᠣᠳᠣᠯᠭ᠎ᠠ ᠳᠤ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ ᠱᠤᠭᠤᠮ ᠢ ᠪᠠᠲᠤ ᠰᠠᠬᠢᠨ᠎ᠠ ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠤᠨ ᠂ ᠵᠠᠯᠠᠭᠤᠴᠤᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ ᠃      ᠣᠳᠣᠬᠠᠨ ᠳᠤ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠨᠢᠭᠡᠨᠲᠡ ︽ ᠬᠥᠬᠡᠭᠴᠢᠨ ᠲᠥᠷᠥᠯ ᠬᠥᠬᠡᠭᠴᠢᠨ ᠬᠠᠮᠢᠶᠠᠷᠤᠯᠲᠠ ︾ ᠪᠠᠷ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠱᠠᠲᠤᠨ ᠳᠤ ᠣᠷᠣᠪᠠ ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠭᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠳ᠋ᠦᠩᠨᠡᠭᠰᠡᠨ ᠰᠠᠭᠤᠷᠢᠨ ᠳᠡᠭᠡᠷ᠎ᠡ ᠂ ᠰᠡᠷᠭᠡᠶᠢᠯᠡᠨ ᠬᠢᠵᠠᠭᠠᠷᠯᠠᠬᠤ ᠠᠵᠢᠯ ᠢ ᠨᠡᠩ ᠰᠢᠨᠵᠢᠯᠡᠬᠦ ᠤᠬᠠᠭᠠᠨᠴᠢ ᠂ ᠨᠠᠷᠢᠯᠢᠭ ᠣᠨᠣᠴᠠᠲᠠᠢ ᠂ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ ᠂ ᠡᠷᠡᠭᠦᠯ ᠮᠡᠨᠳᠦ ᠶᠢ ᠪᠠᠲᠤᠯᠠᠬᠤ ᠂ ᠬᠦᠨᠳᠦ ᠡᠪᠡᠳᠴᠢᠨ ᠢ ᠰᠡᠷᠭᠡᠶᠢᠯᠡᠬᠦ ᠶᠢᠨ ᠲᠣᠭᠤᠷᠢᠨ ᠳᠤ ᠨᠠᠰᠤᠲᠠᠶᠢᠴᠤᠳ ᠂ ᠬᠡᠦᠬᠡᠳ ᠪᠠᠭᠠᠴᠤᠳ ᠂ ᠬᠠᠭᠤᠴᠢᠨ ᠠᠷᠬᠠᠭ ᠲᠠᠢ ᠬᠠᠮᠲᠤᠯᠢᠭ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠡᠮᠨᠡᠨ ᠵᠠᠰᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ ᠂ ᠸᠠᠺᠼᠢᠨ ᠢ ᠦᠶ᠎ᠡ ᠰᠣᠯᠢᠭᠳᠠᠭᠤᠯᠵᠤ ᠲᠡᠰ ᠳᠡᠪᠰᠢᠭᠦᠯᠭᠦ ᠪᠠ ᠰᠢᠨ᠎ᠡ ᠡᠮ ᠰᠤᠳᠤᠯᠤᠨ ᠦᠢᠯᠡᠳᠭᠦ ᠶᠢ ᠠᠬᠢᠭᠤᠯᠵᠤ ᠂ ᠤᠯᠠᠨ ᠲᠦᠮᠡᠨ ᠤ ᠡᠪᠡᠳᠴᠢᠨ ᠦᠵᠡᠭᠦᠯᠭᠦ ᠡᠮ ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠵᠤ ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠰᠠᠬᠢᠨ ᠬᠠᠮᠠᠭᠠᠯᠠᠨ᠎ᠠ ᠃      ᠡᠨᠡ ᠵᠢᠯ ᠪᠣᠯ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠵᠢᠯ ᠪᠣᠯᠣᠨ᠎ᠠ ᠂ ᠳᠡᠭᠡᠷ᠎ᠡ ᠮᠡᠳᠡᠭᠦᠯᠦᠭᠰᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠯᠡᠨ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠲᠠᠯ᠎ᠠ ᠪᠠᠷ ᠬᠤᠶᠢᠰᠢᠳᠠ ᠪᠠᠰᠠ ᠰᠢᠨᠲᠠᠷᠠᠰᠢ ᠦᠭᠡᠢ ᠴᠢᠷᠮᠠᠶᠢᠬᠤ ᠴᠢᠬᠤᠯᠠᠲᠠᠢ ᠂ ᠳᠣᠣᠷ᠎ᠠ ᠬᠡᠳᠦᠨ ᠭᠤᠣᠯᠳᠠᠯᠭ᠎ᠠ ᠶᠢ ᠲᠣᠪᠴᠢᠯᠠᠨ ᠲᠣᠭᠠᠴᠢᠶ᠎ᠠ ᠃      ︵ ᠨᠢᠭᠡ ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠨ᠎ᠡ ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠨ᠎ᠠ ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ ᠃ ᠮᠠᠰᠢᠨ ᠲᠡᠷᠭᠡ ᠵᠡᠷᠭᠡ ᠶᠢᠨ ᠪᠥᠭᠡᠮ ᠬᠡᠷᠡᠭᠯᠡᠭᠡ ᠶᠢ ᠲᠣᠭᠲᠠᠭᠤᠨ ᠪᠠᠶᠢᠯᠭᠠᠵᠤ ᠂ ᠢᠳᠡᠭᠡᠨ ᠤᠮᠳᠠᠭᠠᠨ ᠂ ᠰᠣᠶᠣᠯ ᠂ ᠵᠢᠭᠤᠯᠴᠢᠯᠠᠯ ᠂ ᠪᠡᠶ᠎ᠡ ᠶᠢᠨ ᠲᠠᠮᠢᠷ ᠵᠡᠷᠭᠡ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢ ᠰᠡᠷᠭᠦᠭᠡᠬᠦ ᠶᠢ ᠠᠬᠢᠭᠤᠯᠤᠨ᠎ᠠ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠨᠢ ᠪᠦᠭᠦ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠵᠤ ᠂ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ 3.8 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠵᠦ ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ ᠂ ᠣᠷᠣᠨ ᠪᠦᠰᠡ ᠶᠢᠨ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠬᠦ ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ ᠂ ᠬᠢᠵᠢᠭ ᠤᠨ ᠳᠠᠭᠠᠷᠢᠯᠲᠠ ᠨᠡᠯᠢᠶᠡᠳ ᠬᠦᠨᠳᠦ ᠨᠣᠴᠢᠲᠠᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ ᠂ ᠤᠯᠤᠰ ᠤᠨ ᠴᠢᠬᠤᠯᠠ ᠶᠡᠭᠡ ᠢᠨᠵᠧᠨᠧᠷᠢᠩ ᠪᠣᠯᠣᠨ ᠳᠤᠲᠠᠭᠤᠳᠠᠯ ᠢ ᠨᠥᠬᠦᠪᠦᠷᠢᠯᠡᠬᠦ ᠲᠥᠰᠥᠯ ᠤᠨ ᠪᠦᠲᠦᠭᠡᠨ ᠪᠠᠶᠢᠭᠤᠯᠤᠯᠲᠠ ᠳᠤ ᠨᠠᠩ ᠣᠯᠠᠨ ᠠᠷᠠᠳ ᠤᠨ ᠬᠥᠷᠥᠩᠭᠡ ᠶᠢ ᠵᠣᠷᠢᠭᠵᠢᠭᠤᠯᠤᠨ ᠲᠡᠳᠡᠨ ᠣᠷᠣᠯᠴᠠᠭᠤᠯᠵᠤ ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ ᠢ ᠬᠥᠭᠵᠢᠭᠡᠬᠦ ᠪᠠᠷ ᠲᠥᠯᠥᠪᠯᠡᠵᠦ ᠪᠠᠶᠢᠨ᠎ᠠ ᠃      ︵ ᠬᠤᠶᠠᠷ ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ ᠃ ᠠᠵᠤ ᠦᠢᠯᠡᠰ ᠤᠨ ᠬᠥᠭᠵᠢᠯᠲᠡ ᠳᠤ ᠦᠵᠡᠭᠦᠯᠭᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ ᠃ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠨ ᠨᠥᠬᠦᠪᠦᠷᠢᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠦᠢᠯᠡᠳᠭᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠂ ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠦᠴᠦᠨ ᠢᠶᠠᠨ ᠬᠠᠮᠲᠤᠳᠬᠠᠨ ᠠᠬᠢᠭᠤᠯᠵᠤ ᠂ ᠰᠢᠨ᠎ᠡ ᠶᠢ ᠡᠭᠦᠳᠭᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ ᠃ ᠴᠢᠬᠤᠯᠠ ᠡᠨᠧᠷᠭᠢ ᠶᠢᠨ ᠰᠤᠷᠪᠤᠯᠵᠢ ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠤᠯᠤᠰ ᠤᠨ ᠳᠣᠲᠣᠭᠠᠳᠤ ᠳᠠᠭᠠᠨ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠶᠢ ᠴᠢᠩᠭᠠᠳᠬᠠᠨ᠎ᠠ ᠃ ᠤᠯᠠᠮᠵᠢᠯᠠᠯᠲᠤ ᠠᠵᠤ ᠦᠢᠯᠡᠰ ᠪᠠ ᠳᠤᠮᠳᠠ ᠵᠢᠵᠢᠭ ᠠᠵᠤ ᠠᠬᠤᠶᠢᠯᠠᠯ ᠤᠨ ᠳ᠋ᠢᠵᠢᠲ᠋ᠠᠯᠴᠢᠯᠠᠨ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠳᠡᠭᠡᠳᠦ ᠲᠡᠰᠴᠢᠯᠡᠯᠲᠡ ᠂ ᠣᠶᠤᠨᠴᠢᠯᠠᠯᠲᠠ ᠂ ᠨᠣᠭᠤᠭᠠᠨᠵᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ ᠃ ᠬᠤᠰᠢᠭᠤᠷᠠᠯ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠵᠦ ᠂ ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ ᠃ ᠥᠨᠳᠥᠷ ᠪᠦᠳᠦᠮᠵᠢᠳᠠᠢ ᠪᠥᠭᠡᠳ ᠰᠠᠭᠠᠳ ᠦᠭᠡᠢ ᠨᠡᠪᠲᠡᠷᠡᠬᠦ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ ᠃ ᠳ᠋ᠢᠵᠢᠲ᠋ᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ ᠂ ᠲᠠᠪᠴᠠᠩ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠨ᠎ᠡ ᠃      ︵ ᠭᠤᠷᠪᠠ ︶ ︽ ᠬᠤᠶᠠᠷ ᠥᠴᠥᠬᠡᠨ ᠴᠦ ᠭᠤᠶᠢᠪᠢᠰᠢ ᠦᠭᠡᠢ ︾ ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠤᠨ᠎ᠠ ᠃ ᠤᠯᠤᠰ ᠤᠨ ᠥᠮᠴᠢᠯᠡᠯ ᠤᠨ ᠬᠥᠷᠥᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠲᠥᠷᠥᠯ ᠬᠤᠪᠢᠶᠠᠭᠰᠠᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠤ ᠠᠬᠤᠢ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠂ ᠠᠷᠠᠳ ᠠᠴᠠ ᠡᠵᠡᠩᠨᠡᠭᠰᠡᠨ ᠠᠵᠤ ᠠᠬᠤᠢ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠳᠡᠮᠵᠢᠵᠦ ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ ᠥᠷᠢᠰᠦᠯᠳᠦᠨ ᠂ ᠮᠥᠴᠡᠭᠡᠷᠬᠡᠨ ᠭᠦᠭᠵᠢᠭᠦ ᠣᠷᠴᠢᠨ ᠨᠥᠬᠦᠴᠡᠯ ᠢ ᠪᠤᠶ ᠪᠣᠯᠭᠠᠨ ᠥᠭᠴᠦ ᠂ ᠦᠨᠡᠨ ᠪᠣᠳᠠᠲᠠᠢ ᠠᠷᠭ᠎ᠠ ᠪᠣᠳᠣᠯᠭ᠎ᠠ ᠪᠠᠷ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ ᠂ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠨ᠎ᠡ ᠃      ︵ ᠳᠥᠷᠪᠡ ︶ ᠭᠠᠳᠠᠭᠠᠳᠤ ᠪᠡᠯᠡ ᠶᠢ ᠨᠠᠩ ᠶᠡᠭᠡ ᠡᠷᠴᠢᠮ ᠢᠶᠠᠷ ᠲᠠᠲᠠᠵᠤ ᠠᠰᠢᠭᠯᠠᠨ᠎ᠠ ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠨᠡᠭᠡᠭᠡᠯᠲᠡ ᠶᠢᠨ ᠡᠷᠴᠢᠮ ᠢ ᠴᠢᠩᠭᠠᠷᠠᠭᠤᠯᠤᠨ᠎ᠠ ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ ᠃ ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵ CPTPP ︶ ᠵᠡᠷᠭᠡ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠬᠡᠯᠡᠯᠴᠡᠭᠡᠷ ᠲᠤ ᠣᠷᠣᠬᠤ ᠶᠢ ᠢᠳᠡᠪᠬᠢᠲᠡᠢ ᠠᠬᠢᠭᠤᠯᠵᠤ ᠂ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠳᠦᠷᠢᠮᠯᠡᠯ ᠂ ᠳᠦᠷᠢᠮ ᠲᠣᠭᠲᠠᠭᠠᠯ ᠂ ᠬᠠᠮᠢᠶᠠᠷᠤᠯᠲᠠ ᠂ ᠪᠠᠷᠢᠮᠵᠢᠶ᠎ᠠ ᠲᠠᠢ ᠬᠠᠷᠢᠴᠠᠭᠤᠯᠤᠨ ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠂ ᠡᠯ᠎ᠡ ᠲᠥᠰᠥᠯ ᠤᠨ ᠨᠡᠭᠡᠭᠡᠨ ᠬᠥᠭᠵᠢᠭᠦᠯᠬᠦ ᠣᠷᠣᠨ ᠵᠡᠷᠭᠡ ᠨᠡᠭᠡᠭᠡᠯᠲᠡᠲᠤ ᠲᠠᠪᠴᠠᠩ ᠤᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ ᠃ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠠᠵᠤ ᠠᠬᠤᠢ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ ᠂ ᠭᠠᠳᠠᠭᠠᠳᠤ ᠪᠡᠯᠡ ᠶᠢᠨ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ᠃ ᠨᠡᠭᠡᠭᠡᠯᠲᠡᠲᠡᠢ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠯᠠᠪᠲᠠᠢ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠨᠡᠩ ᠤᠯᠠᠨ ᠲᠣᠭᠢᠶᠠᠯ ᠬᠠᠩᠭᠠᠵᠤ ᠴᠢᠳᠠᠨ᠎ᠠ ᠃      ︵ ᠲᠠᠪᠤ ︶ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ ᠃ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠣᠷᠣᠨ ᠪᠦᠰᠡ ᠶᠢᠨ ᠴᠢᠨᠠᠷᠲᠠᠢ ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠤᠢ ᠪᠤᠯᠬᠤ ᠠᠴᠠ ᠰᠡᠷᠭᠡᠶᠢᠯᠡᠨ᠎ᠡ ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠴᠢᠨᠠᠷ ᠰᠠᠶᠢᠲᠠᠢ ᠲᠣᠯᠣᠭᠠᠶᠢᠯᠠᠭᠰᠠᠨ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠡᠳ᠋ ᠬᠥᠷᠥᠩᠭᠡ ᠶᠢᠨ ᠥᠷᠢ ᠥᠭᠴᠡᠭᠡ ᠶᠢᠨ ᠪᠠᠶᠢᠳᠠᠯ ᠢ ᠰᠠᠶᠢᠵᠢᠷᠠᠭᠤᠯᠵᠤ ᠂ ᠡᠮᠬᠢ ᠵᠢᠷᠤᠮ ᠦᠭᠡᠢ ᠥᠷᠭᠡᠵᠢᠬᠦ ᠠᠴᠠ ᠰᠡᠷᠭᠡᠶᠢᠯᠡᠨ ᠬᠤᠷᠢᠭᠯᠠᠵᠤ ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠲᠣᠭᠲᠠᠭᠤᠨ ᠢᠶᠠᠷ ᠭᠦᠭᠵᠢᠭᠦ ᠶᠢ ᠠᠬᠢᠭᠤᠯᠤᠨ᠎ᠠ ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠥᠷᠢ ᠥᠭᠴᠡᠭᠡ ᠶᠢᠨ ᠬᠤᠭᠤᠴᠠᠭ᠎ᠠ ᠶᠢᠨ ᠪᠦᠲᠦᠴᠡ ᠶᠢ ᠰᠢᠯᠢᠳᠡᠭᠵᠢᠭᠦᠯᠦᠨ ᠂ ᠬᠦᠦ ᠮᠥᠩᠭᠦ ᠶᠢᠨ ᠳᠠᠷᠤᠭᠠᠰᠤ ᠶᠢ ᠬᠥᠩᠭᠡᠷᠡᠭᠦᠯᠵᠦ ᠂ ᠨᠡᠮᠡᠭᠳᠡᠯ ᠢ ᠬᠤᠷᠢᠭᠯᠠᠵᠤ ᠂ ᠬᠠᠳᠠᠭᠠᠯᠠᠯᠲᠠ ᠬᠡᠮᠵᠢᠶ᠎ᠡ ᠶᠢ ᠠᠷᠢᠯᠭᠠᠨ᠎ᠠ ᠃      ︵ ᠵᠢᠷᠭᠤᠭ᠎ᠠ ︶ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠃ ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ ᠳᠤᠰᠬᠤᠨ ᠤ ᠣᠳᠣᠬᠢᠴᠢᠯᠠᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ ᠂ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠰᠠᠶᠢᠲᠤᠷ ᠠᠳᠬᠤᠵᠤ ᠂ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ ᠂ ᠲᠠᠷᠢᠶᠠᠯᠠᠩ ᠤᠨ ᠤᠰᠤᠨ ᠠᠰᠢᠭᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠨ᠎ᠠ ᠃ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠤᠷᠤᠯᠭ᠎ᠠ ᠶᠢ ᠪᠠᠲᠤᠯᠠᠬᠤ ᠲᠣᠭᠲᠠᠴᠠ ᠪᠠ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ ᠃ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠨᠢ ᠥᠷᠭᠡᠳᠬᠡᠨ᠎ᠡ ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠭᠦ ᠠᠴᠠ ᠡᠷᠡᠰ ᠰᠡᠷᠭᠡᠶᠢᠯᠡᠨ᠎ᠡ ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠯᠬᠢᠨ ᠤᠷᠤᠭᠰᠢᠯᠠᠭᠤᠯᠤᠨ᠎ᠠ ᠃ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠶᠢ ᠳᠠᠭᠢᠭᠠᠳ ᠭᠤᠴᠢᠨ ᠵᠢᠯ ᠤᠷᠲᠤᠳᠬᠠᠬᠤ ᠲᠤᠬᠠᠢ ᠤᠯᠤᠰ ᠤᠨ ᠲᠦᠷᠦ ᠶᠢᠨ ᠪᠣᠳᠣᠯᠭ᠎ᠠ ᠶᠢ ᠡᠷᠬᠡᠪᠰᠢ ᠨᠠᠷᠢᠨ ᠨᠢᠮᠪᠠᠢ ᠠᠵᠢᠯᠯᠠᠬᠤ ᠪᠠᠷ ᠳᠠᠮᠵᠢᠭᠤᠯᠤᠨ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ ᠃      ︵ ᠳᠣᠯᠤᠭ᠎ᠠ ︶ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠠᠬᠢᠭᠤᠯᠤᠨ᠎ᠠ ᠃ ᠣᠷᠴᠢᠨ ᠠᠬᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ ᠃ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ ᠂ ᠬᠤᠳᠠ ᠬᠥᠳᠡᠭᠡ ᠶᠢᠨ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ ᠃ ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠠᠬᠢᠭᠤᠯᠵᠤ ᠂ ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ ᠂ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠡᠵᠡᠯᠡᠭᠦ ᠬᠠᠷᠢᠴᠠᠯ ᠢ ᠳᠡᠭᠡᠭᠰᠢᠯᠡᠭᠦᠯᠦᠨ᠎ᠠ ᠃ ᠨᠣᠭᠤᠭᠠᠨ ᠬᠥᠭᠵᠢᠯᠲᠡ ᠶᠢ ᠳᠡᠮᠵᠢᠭᠦ ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠭᠡᠨ ᠤ ᠪᠠᠭᠠᠵᠢ ᠶᠢ ᠲᠡᠭᠦᠯᠳᠡᠷᠵᠢᠭᠦᠯᠵᠦ ᠂ ᠣᠷᠴᠢᠯ ᠠᠵᠤ ᠠᠬᠤᠢ ᠶᠢ ᠬᠥᠭᠵᠢᠭᠦᠯᠦᠨ ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ ᠂ ᠭᠤᠣᠯᠳᠠᠯᠭ᠎ᠠ ᠲᠠᠢ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠢ ᠪᠠᠭᠠᠰᠬᠠᠬᠤ ᠶᠢ ᠠᠬᠢᠭᠤᠯᠵᠤ ᠂ ᠴᠡᠯᠮᠡᠭ ᠲᠡᠭᠷᠢ ᠂ ᠲᠤᠩᠭᠠᠯᠠᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠦᠷᠭᠦᠯᠵᠢᠯᠡᠨ ᠰᠠᠶᠢᠲᠤᠷ ᠬᠢᠨ᠎ᠡ ᠃      ︵ ᠨᠠᠢᠮᠠ ︶ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠨᠡᠶᠢᠭᠡᠮ ᠤᠨ ᠠᠵᠢᠯ ᠦᠢᠯᠡᠰ ᠢ ᠬᠥᠭᠵᠢᠭᠦᠯᠦᠨ᠎ᠡ ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ ᠂ ᠰᠢᠨ᠎ᠡ ᠬᠤᠳᠠ ᠶᠢᠨ ᠠᠷᠠᠳ ᠂ ᠵᠠᠯᠠᠭᠤᠴᠤᠳ ᠵᠡᠷᠭᠡ ᠬᠥᠮᠥᠰ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠦ ᠂ ᠬᠠᠭᠤᠴᠢᠨ ᠰᠠᠭᠤᠭᠠᠯᠢ ᠲᠣᠭᠤᠷᠢᠭ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠲᠦᠷᠭᠡᠯᠡᠨ ᠠᠬᠢᠭᠤᠯᠤᠨ᠎ᠠ ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠯᠡᠨ ᠪᠠᠶᠢᠭᠤᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠠᠬᠢᠭᠤᠯᠵᠤ ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠂ ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠤᠨ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠡᠮᠨᠡᠯᠭᠡ ᠶᠢᠨ ᠳᠠᠭᠠᠳᠬᠠᠯ ᠂ ᠡᠮᠴᠢᠯᠡᠭᠡ ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠡ ᠶᠢ ᠥᠷᠭᠡᠳᠬᠡᠵᠦ ᠳᠣᠷᠣᠭᠰᠢ ᠪᠠᠭᠤᠯᠭᠠᠬᠤ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠤᠨ᠎ᠠ ᠃ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ ᠃ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠢ ᠴᠢᠬᠤᠯᠠᠴᠢᠯᠠᠨ᠎ᠠ ᠃ ᠬᠥᠮᠥᠨ ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠡᠮᠡᠭᠲᠡᠶᠢᠴᠦᠳ ᠂ ᠬᠡᠦᠬᠡᠳ ᠂ ᠨᠠᠰᠤᠲᠠᠶᠢᠴᠤᠳ ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ ᠃ ᠴᠡᠷᠢᠭ ᠪᠠ ᠴᠡᠷᠢᠭ ᠤᠨ ᠭᠡᠷ ᠪᠦᠯᠢ ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠭᠳᠠᠬᠤ ᠡᠲᠡᠭᠡᠳ ᠤᠨ ᠬᠠᠷᠠᠭᠠᠯᠵᠠᠯ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ ᠃ ᠰᠣᠶᠣᠯ ᠤᠨ ᠠᠵᠢᠯ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ ᠃ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠨ᠎ᠠ ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ ᠃      ᠵᠠᠰᠠᠭ ᠤᠨ ᠣᠷᠳᠣᠨ ᠤ ᠳᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠷᠭᠦᠯᠵᠢᠯᠡᠨ ᠬᠤᠪᠢᠷᠠᠭᠤᠯᠵᠤ ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠠᠶᠢᠲᠤᠷ ᠬᠢᠵᠦ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠂ ᠰᠢᠨ᠎ᠡ ᠶᠢ ᠡᠭᠦᠳᠭᠦ ᠵᠠᠰᠠᠭ ᠤᠨ ᠣᠷᠳᠣᠨ ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠦᠨᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ ᠂ ᠵᠠᠰᠠᠭ ᠵᠠᠬᠢᠷᠭᠠᠨ ᠤ ᠦᠷ᠎ᠡ ᠪᠦᠳᠦᠮᠵᠢ ᠪᠠ ᠤᠯᠠᠨ ᠨᠡᠶᠢᠳᠠ ᠶᠢ ᠢᠳᠡᠭᠡᠭᠦᠯᠭᠦ ᠬᠦᠴᠦᠨ ᠢ ᠳᠡᠭᠡᠭᠰᠢᠯᠡᠭᠦᠯᠦᠨ᠎ᠡ ᠃      ᠲᠥᠯᠥᠭᠡᠯᠡᠭᠴᠢᠳ ᠠ᠋ ︕      ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠤᠯᠭᠠᠵᠤ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠪᠠ ᠬᠠᠮᠲᠤ ᠪᠠᠷ ᠴᠡᠴᠡᠭᠯᠡᠨ ᠭᠦᠭᠵᠢᠭᠦ ᠶᠢ ᠠᠬᠢᠭᠤᠯᠤᠨ᠎ᠠ ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠨᠡᠶᠢᠭᠡᠮ ᠵᠢᠷᠤᠮᠲᠤ ᠨᠡᠶᠢᠭᠡᠮ  ᠯᠦᠭᠡ ᠵᠣᠬᠢᠴᠠᠭᠤᠯᠤᠨ᠎ᠠ ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠨᠢᠭᠡᠳᠦᠨ ᠲᠡᠮᠡᠴᠡᠬᠦ ᠂ ᠭᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ᠎ᠠ ᠃      ᠪᠢᠳᠡ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠂ ᠲᠡᠮᠡᠴᠡᠯ ᠬᠢᠬᠦ ᠶᠢᠨ ᠳᠠᠭᠠᠤ ᠳᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ ᠬᠢᠵᠦ ᠂ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ ᠃ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ ᠂ ᠪᠣᠳᠠᠲᠤ ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠶᠡᠭᠡ ᠪᠠᠷ ᠠᠳᠬᠤᠵᠤ ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ ᠃ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠴᠢᠬᠤᠯᠠ ᠶᠡᠭᠡ ᠡᠭᠦᠷᠭᠡ ᠶᠢᠨ ᠲᠡᠮᠡᠴᠡᠯ ᠬᠢᠬᠦ ᠪᠦᠲᠦᠭᠡᠨ ᠪᠠᠶᠢᠭᠤᠯᠤᠯᠲᠠ ᠬᠢᠬᠦ ᠪᠠ ᠳᠠᠶᠢᠨ ᠳᠤ ᠪᠡᠯᠡᠳᠬᠡᠬᠦ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠦᠨ᠎ᠡ ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠠᠷᠠᠳ ᠨᠡᠶᠢᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ ᠂ ︽ ᠬᠤᠶᠠᠷ ᠢ ᠬᠦᠷᠢᠶᠡᠯᠡᠬᠦ ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠦᠴᠦ ᠪᠠᠨ ᠬᠠᠮᠲᠤᠳᠬᠠᠨ ᠪᠢᠴᠢᠭᠯᠡᠬᠦ ᠬᠡᠷᠡᠭᠲᠡᠢ ᠃      ᠪᠢᠳᠡ ︽ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠂ ︽ ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ ︾ ᠂ ︽ ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ ︾ ᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ ᠂ ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠵᠤ ᠂ ᠦᠨᠳᠦᠰᠦᠨ ᠬᠠᠤᠯᠢ ᠪᠠ ᠭᠤᠣᠯ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠵᠤ ᠂ ︽ ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ ︾ ᠂ ︽ ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ ︾ ᠵᠠᠷᠴᠢᠮ ᠢ ᠨᠠᠶᠢᠳᠠᠪᠤᠷᠢᠵᠢᠭᠤᠯᠤᠨ᠎ᠠ ᠃ ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠤ ᠂ ᠰᠢᠶᠠᠩᠭᠠᠩ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ ᠃      ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ ︾ ᠶᠢ ᠪᠠᠷᠢᠮᠲᠠᠯᠠᠵᠤ ᠂ ︽ ᠲᠤᠰᠠᠭᠠᠷ ᠲᠣᠭᠲᠠᠨᠢᠭᠤᠯᠬᠤ ︾ ᠶᠢ ᠡᠷᠡᠰ ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠠᠬᠢᠭᠤᠯᠵᠤ ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨ᠎ᠠ ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠳᠤᠮ ᠤᠭᠰᠠᠭ᠎ᠠ ᠨᠢᠭᠡᠲᠡᠢ ᠶᠤᠮ ᠂ ᠬᠤᠶᠠᠷ ᠲᠠᠯ᠎ᠠ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ ᠂ ᠲᠠᠶᠢᠸᠠᠨ ᠤ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠬᠦ ᠪᠠᠶᠢᠭᠤᠯᠤᠯ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ ᠂ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ ᠪᠡᠶᠡᠯᠡᠭᠦᠯᠬᠦ ᠬᠡᠷᠡᠭᠲᠡᠢ ᠃      ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ ᠨᠥᠭᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠨ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠪᠠ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠠᠭᠠᠯᠠᠨ᠎ᠠ ᠃      ᠲᠥᠯᠥᠭᠡᠯᠡᠭᠴᠢᠳ ᠠ᠋ ︕      ᠰᠢᠷᠭᠠᠭᠤ ᠲᠡᠮᠡᠴᠡᠵᠦ ᠭᠢᠯᠠᠯᠵᠠᠭᠰᠠᠨ ᠠᠮᠵᠢᠯᠲᠠ ᠶᠢ ᠣᠯᠵᠤ ᠂ ᠪᠣᠳᠠᠲᠠᠢ ᠠᠵᠢᠯᠯᠠᠵᠤ ᠢᠷᠡᠭᠡᠳᠦᠢ ᠪᠠᠨ ᠴᠣᠭᠴᠠᠯᠠᠶ᠎ᠠ ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠡᠷᠡᠮᠡᠬᠡᠶᠢᠯᠡᠨ ᠤᠷᠤᠭᠰᠢᠯᠠᠵᠤ ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠠᠬᠢᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ︕      ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 14 ᠤ ᠴᠠᠬᠢᠯᠭᠠᠨ ᠮᠡᠳᠡᠭᠡ︶      ︵ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ 
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ