ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠡᠷᠢᠶᠡᠨ ᠤ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ | ᠦᠩᠭᠡᠷᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢᠭᠡᠨᠲᠡ 500 ᠡᠭᠡᠯᠵᠢ ᠶᠢ ᠳᠠᠪᠠᠵᠠᠢ᠃ | ᠡᠨᠡ ᠵᠢᠯ ᠠᠴᠠ᠂ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠪᠠ ᠨᠡᠮᠡᠭᠳᠡᠯ ᠢᠶᠠᠷ ᠶᠡᠭᠡ ᠪᠠᠶᠢᠭ᠎ᠠ ᠭᠠᠳᠠᠭᠠᠳᠤ | ᠣᠷᠤᠭᠤᠯᠤᠯᠲᠠ ᠭᠠᠷᠭᠠᠯᠲᠠ ᠶᠢᠨ ᠪᠠᠶᠢᠳᠠᠯ ᠳᠤ ᠬᠠᠨᠳᠤᠭᠤᠯᠤᠨ ᠂ ᠡᠷᠢᠶᠡᠨ ᠤ ᠲᠡᠮᠦᠷ ᠵᠠᠮ ᠤᠨ ᠬᠢᠯᠢ ᠶᠢᠨ ᠪᠣᠭᠤᠮᠲᠠ ᠳᠤᠮᠳᠠᠳᠤ ᠡᠸᠦ᠋ᠷᠦᠫᠡ ᠶᠢᠨ ᠵᠢᠰᠢᠶᠡᠨ ᠤ ᠭᠠᠯᠲᠤ | ᠲᠡᠷᠭᠡ ᠶᠢᠨ ᠠᠶᠠᠯᠠᠯ ᠳᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠨ ᠥᠭᠴᠦ᠂ ᠤᠷᠢᠳ ᠢᠶᠠᠷ ᠵᠣᠬᠢᠶᠠᠨ ᠪᠠᠶᠢᠭᠤᠯᠬᠤ᠂ ᠤᠷᠢᠳ ᠢᠶᠠᠷ ᠭᠦᠢᠴᠡᠳᠬᠡᠬᠦ᠂ | ᠤᠷᠢᠳ ᠢᠶᠠᠷ ᠬᠦᠯᠢᠶᠡᠨ ᠠᠪᠬᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠪᠠᠷᠢᠮᠲᠠᠯᠠᠨ᠂ ᠳᠤᠮᠳᠠᠳᠤ ᠡᠸᠦ᠋ᠷᠦᠫᠡ ᠶᠢᠨ ᠵᠢᠰᠢᠶᠡᠨ ᠤ ᠭᠠᠯᠲᠤ | ᠲᠡᠷᠭᠡ ᠶᠢᠨ ᠦᠷᠭᠦᠯᠵᠢᠯᠡᠨ ᠲᠡᠭᠡᠭᠡᠪᠦᠷᠢᠯᠡᠬᠦ ᠴᠢᠳᠠᠪᠤᠷᠢ ᠶᠢ 20% ᠣᠷᠴᠢᠮ ᠳᠡᠭᠡᠭᠰᠢᠯᠡᠭᠦᠯᠵᠡᠢ᠃ ᠣᠳᠣᠬᠠᠨ ᠳᠤ᠂ ᠡᠷᠢᠶᠡᠨ ᠤ ᠲᠡᠮᠦᠷ ᠵᠠᠮ ᠤᠨ ᠬᠢᠯᠢ ᠶᠢᠨ | ᠪᠣᠭᠤᠮᠲᠠ ᠪᠠᠷ ᠨᠡᠪᠲᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠱᠤᠭᠤᠮ ᠨᠢᠭᠡᠨᠲᠡ 64 ᠵᠤᠷᠪᠤᠰ ᠪᠣᠯᠵᠤ᠂ ᠭᠧᠷᠮᠠᠨ᠂ ᠫᠤᠯᠠᠨᠳ᠋ ᠂ ᠣᠷᠣᠰ᠂ | ᠪᠧᠯᠤᠷᠦ᠋ᠰ ᠂ ᠮᠣᠩᠭᠤᠯ ᠤᠯᠤᠰ ᠵᠡᠷᠭᠡ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠢ ᠬᠤᠯᠪᠣᠵᠤ ᠪᠣᠢ᠃ ᠡᠷᠢᠶᠡᠨ ᠤ ᠲᠡᠮᠦᠷ ᠵᠠᠮ ᠤᠨ ᠬᠢᠯᠢ ᠶᠢᠨ | ᠪᠣᠭᠤᠮᠲᠠ ᠠᠴᠠ ᠮᠣᠷᠳᠠᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠲᠢᠶᠠᠨᠵᠢᠨ ᠂ ᠠᠨᠾᠦ᠋ᠢ ᠂ ᠬᠤᠨᠠᠨ ᠵᠡᠷᠭᠡ 10 ᠭᠠᠷᠤᠢ ᠮᠤᠵᠢ ᠬᠤᠳᠠ ᠶᠢᠨ | ᠪᠠᠷᠠᠭᠠᠨ ᠤ ᠢᠷᠡᠯᠲᠡ ᠶᠢ ᠲᠥᠪᠯᠡᠷᠡᠭᠦᠯᠵᠦ ᠪᠣᠢ᠃ | |