内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠦᠨ ᠱᠤᠤ ᠴᠧᠩ ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠶᠢᠨ ᠪᠠᠶᠢᠳᠠᠯ ᠢ ︽ᠡᠬᠢᠨ︾ ᠠᠴᠠ ᠨᠢ ︽ᠠᠳᠠᠭ︾ ᠲᠤᠨᠢ ᠲᠤᠯᠲᠠᠯ᠎ᠠ ᠰᠢᠨᠵᠢᠯᠡᠨ ᠪᠠᠶᠢᠴᠠᠭᠠᠪᠠ
        ᠨᠡᠶᠢᠲᠡᠯᠡᠭᠰᠡᠨ ᠴᠠᠭ᠄
        2023/3/27
              3 ᠰᠠᠷ᠎ᠠ ᠶᠢᠨ 20 ᠠᠴᠠ 25  ᠤ ᠡᠳᠦᠷ ᠪᠤᠯᠲᠠᠯ᠎ᠠ ᠂ ︽ᠳᠡᠯᠡᠬᠡᠢ ᠶᠢᠨ ᠤᠰᠤᠨ  ᠤ ᠡᠳᠦᠷ ︾ ᠪᠣᠯᠣᠨ ︽ᠳᠤᠮᠳᠠᠳᠤ ᠤᠯᠤᠰ ᠤᠨ ᠤᠰᠤᠨ ᠤ ᠭᠠᠷᠠᠭ ︾ ᠬᠦᠷᠴᠦ ᠢᠷᠡᠬᠦ ᠲᠠᠰᠢᠷᠠᠮ ᠢᠶᠠᠷ ᠂ ᠰᠦᠨ ᠱᠤᠤ ᠴᠧᠩ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠤᠷᠤᠰᠤᠨ ᠣᠷᠣᠵᠤ ᠢᠷᠡᠬᠦ ᠬᠠᠶᠢᠨᠠᠨᠲᠣᠭᠤᠷᠢᠭ ᠤᠨ ᠲᠣᠰᠣᠲᠤ ᠭᠤᠣᠯ ᠠᠴᠠ ᠮᠣᠷᠳᠠᠵᠤ ᠂ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠤᠷᠤᠰᠴᠤ ᠭᠠᠷᠬᠤ ᠵᠠᠮ ᠤᠨ ᠵᠡᠭᠦᠨᠭᠠᠷ ᠬᠤᠰᠢᠭᠤᠨ ᠤ ᠯᠦᠩᠺᠸᠦ ᠪᠠᠯᠭᠠᠰᠤ ᠶᠢᠨ ᠥᠪᠥᠷ ᠮᠣᠩᠭᠤᠯ ᠱᠠᠨ ᠰᠢ ᠱᠠᠨᠰᠢ ᠭᠤᠷᠪᠠᠨ ᠮᠤᠵᠢ ᠣᠷᠣᠨ ᠤ ᠠᠭᠤᠯᠵᠠᠷ ᠲᠤ ᠬᠦᠷᠴᠦ ᠂ ᠵᠡᠭᠦᠨ ᠪᠠᠷᠠᠭᠤᠨ ᠡᠷᠭᠢ ᠶᠢᠨ 5 ᠬᠤᠲᠠ ᠶᠢᠨ 10 ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ ᠂ ᠶᠠᠷᠢᠯᠴᠠᠬᠤ ᠬᠤᠷᠠᠯ ᠬᠢᠬᠦ ᠦᠭᠡᠢ ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠭᠡᠢ  ᠪᠠᠷ ᠲᠤᠬᠠᠢ ᠶᠢᠨ ᠭᠠᠵᠠᠷ ᠲᠤᠨᠢ ᠠᠮᠢ ᠠᠬᠤᠢ ᠶᠢ ᠪᠠᠶᠢᠴᠠᠭᠠᠵᠤ ᠂ ᠤᠰᠤ ᠠᠷᠪᠢᠯᠠᠬᠤ ᠶᠢ ᠦᠵᠡᠵᠦ ᠂ ᠲᠠᠷᠢᠶᠠᠴᠢᠨ ᠡᠷᠦᠭᠡ ᠪᠠᠷ ᠠᠶᠢᠯᠴᠢᠯᠠᠨ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ ᠃

        孙绍骋从“头”至“尾”考察黄河内蒙古段大保护大治理情况.jpg

              3 ᠰᠠᠷ᠎ᠠ ᠶᠢᠨ 31 ᠤ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠬᠠᠢ ᠬᠤᠳᠠ ᠶᠢᠨ

        ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤᠨ ᠳᠤ ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠢ

        ᠰᠢᠨᠵᠢᠯᠡᠨ ᠪᠠᠶᠢᠴᠠᠭᠠᠪᠠ ᠃

              ᠲᠤᠰ ᠰᠣᠨᠢᠨ ᠤ ᠰᠤᠷᠪᠤᠯᠵᠢᠯᠠᠬᠴᠢ   ᠮᠠ ᠵᠢᠶᠠᠨ ᠴᠢᠤᠸᠠᠨ  ᠰᠡᠭᠦᠳᠡᠷᠯᠡᠪᠡ

              ᠰᠦᠨ ᠱᠤᠤ ᠴᠧᠩ ᠵᠠᠮ ᠳᠠᠭᠠᠤ ᠬᠠᠲᠤᠨ ᠭᠤᠣᠯ  ᠤᠨ ᠡᠷᠭᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠬᠥᠨᠳᠡᠢ ᠂ ᠭᠤᠣᠯ ᠤᠨ

        ᠬᠡᠪᠡᠯᠢ ᠂ ᠵᠢᠵᠢᠭ ᠰᠠᠪᠠ ᠭᠠᠵᠠᠷ ᠤᠨ ᠵᠠᠰᠠᠯᠲᠠ ᠵᠢᠴᠢ ᠰᠦᠩ ᠬᠠᠯᠢᠶ᠎ᠠ ᠦᠶᠡᠷ ᠢ ᠰᠡᠷᠭᠡᠶᠢᠯᠡᠬᠦ ᠂ ᠤᠰᠤᠨ ᠵᠦᠢ ᠶᠢᠨ ᠬᠢᠨᠠᠨ ᠡᠵᠡᠮᠳᠡᠯ ᠵᠡᠷᠭᠡ ᠠᠵᠢᠯ ᠢ ᠰᠢᠨᠵᠢᠯᠡᠨ

        ᠪᠠᠶᠢᠴᠠᠭᠠᠪᠠ ᠃ ᠲᠡᠷᠡ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ

        ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ ᠂ ᠪᠢᠳᠡ ᠡᠷᠬᠡᠪᠰᠢ ᠶᠡᠷᠦᠩᠬᠡᠢ ᠱᠦᠵᠢ

        ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠭᠡ ᠬᠠᠮᠠᠭᠠᠯᠠᠯᠲᠠ ᠶᠢ ᠬᠠᠮᠲᠤ ᠪᠠᠷ

        ᠰᠠᠶᠢᠲᠤᠷ ᠠᠳᠬᠤᠵᠤ ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠬᠤ ᠂ ᠬᠠᠲᠤᠨ ᠭᠤᠣᠯ ᠤᠨ ᠥᠨᠢ

        ᠤᠳᠠᠭᠠᠨ ᠠᠮᠤᠷ ᠲᠣᠭᠲᠠᠭᠤᠨ ᠢ ᠪᠠᠲᠤᠯᠠᠬᠤ ᠂ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠠᠷᠠᠳ ᠣᠯᠠᠨ ᠤ ᠠᠮᠢᠳᠤᠷᠠᠯ ᠢ ᠰᠠᠶᠢᠵᠢᠷᠠᠭᠤᠯᠬᠤ ᠂

         ᠬᠠᠲᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠬᠠᠲᠤᠨ ᠭᠤᠣᠯ ᠢ ᠠᠷᠠᠳ

        ᠲᠦᠮᠡᠨ ᠳᠤ ᠪᠤᠶᠠᠨ ᠦᠶᠯᠡᠳᠭᠦ ᠵᠣᠯ ᠵᠢᠷᠭᠠᠯ ᠤᠨ ᠭᠤᠣᠯ ᠪᠤᠯᠭᠠᠬᠤ ᠬᠡᠷᠡᠭᠲᠡᠢ ᠃ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ ᠤᠰᠤᠨ ᠠᠰᠢᠭᠯᠠᠯᠲᠠ ᠶᠢᠨ ᠲᠥᠷᠥᠯ

        ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠲᠠᠩ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ ᠂ 

        365赢多少钱会被限额_国内有真正的365平台吗_365bet博彩官网

        ᠬᠠᠲᠤᠨ ᠭᠤᠣᠯ ᠤᠨ ᠡᠷᠭᠢ ᠳᠠᠭᠠᠤ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ

        ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ ᠂ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ ᠂ ᠰᠠᠶᠢᠨ ᠦᠷ᠎ᠡ ᠪᠦᠲᠦᠮᠵᠢ

        ᠣᠯᠣᠭᠰᠠᠨ ᠪᠠᠶᠢᠪᠠᠯ ᠂ ᠵᠣᠬᠢᠰᠲᠠᠢ ᠠᠷᠭ᠎ᠠ ᠭᠡᠯᠪᠡᠷᠢ ᠪᠠᠷ ᠱᠠᠩᠨᠠᠬᠤ ᠬᠡᠷᠡᠭᠲᠡᠢ ᠭᠡᠵᠦ ᠬᠡᠯᠡᠪᠡ ᠃ ᠬᠥᠪᠴᠢ ᠶᠢᠨ ᠡᠯᠡᠰᠦ ᠶᠢᠨ ᠬᠠᠳᠤᠨ ᠭᠤᠣᠯ ᠳᠠᠭᠠᠤ  ᠶᠢᠨ ᠠᠮᠢ

        ᠠᠬᠤᠢ ᠶᠢᠨ ᠪᠦᠰᠡ ᠶᠢᠨ ᠵᠠᠰᠠᠯᠲᠠ ᠂ ᠤᠯᠠᠭᠠᠨᠰᠤᠬᠠᠢ ᠶᠢᠨ ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠬᠤ ᠳᠠᠭᠠᠨ ᠂ ᠰᠦᠨ ᠱᠤᠤ ᠴᠧᠩ ᠂ 

        ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ

        ᠲᠥᠯᠥᠪᠵᠢᠭᠦᠯᠦᠨ ᠠᠬᠢᠭᠤᠯᠵᠤ ᠂ ᠬᠥᠷᠥᠰᠥ ᠰᠢᠷᠣᠢ ᠶᠢᠨ ᠬᠠᠮᠠᠭᠠᠯᠠᠯᠲᠠ ᠶᠢ ᠰᠠᠶᠢᠲᠤᠷ ᠠᠳᠬᠤᠵᠤ ᠂ ᠡᠯ᠎ᠡ ᠲᠦᠷᠦᠯ ᠤᠨ ᠪᠣᠬᠢᠷᠳᠤᠯ ᠢᠯᠠᠩᠭᠤᠶ᠎ᠠ ᠲᠠᠷᠢᠶᠠᠯᠠᠩ  ᠤᠨ

        ᠤᠯᠠᠨ ᠡᠬᠢᠲᠦ ᠪᠣᠬᠢᠷᠳᠤᠯ ᠢ ᠪᠦᠲᠦᠮᠵᠢᠲᠡᠢ ᠰᠡᠷᠭᠡᠶᠢᠯᠡᠨ ᠵᠠᠰᠠᠵᠤ ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ

        ᠠᠬᠢᠭᠤᠯᠬᠤ ᠬᠡᠷᠡᠭᠲᠡᠢ ᠃ ᠴᠦᠯᠯᠡᠷᠭᠡᠭᠵᠢᠭᠰᠡᠨ ᠭᠠᠵᠠᠷ ᠣᠷᠣᠨ ᠳᠤ ᠡᠯᠡᠰᠦᠨ ᠪᠤᠷᠭᠠᠰᠤ ᠂ ᠨᠠᠶᠢᠯᠵᠠᠭᠤᠷ ᠵᠡᠷᠭᠡ ᠲᠠᠷᠢᠮᠠᠯ ᠢ ᠶᠡᠭᠡ ᠪᠠᠷ ᠳᠡᠯᠭᠡᠷᠡᠭᠦᠯᠵᠦ ᠂ ᠠᠮᠢ

        ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ ᠃

              ᠰᠦᠨ ᠱᠤᠤ ᠴᠧᠩ ᠬᠠᠳᠤᠨ ᠭᠤᠣᠯ ᠤᠨ ᠰᠠᠪᠠ ᠭᠠᠵᠠᠷ ᠤᠨ ᠤᠰᠤ ᠠᠷᠪᠢᠯᠠᠬᠤ ᠪᠠᠶᠢᠳᠠᠯ ᠢ ᠮᠠᠰᠢ ᠠᠩᠬᠠᠷᠴᠤ ᠪᠠᠶᠢᠯ᠎ᠠ ᠃ ᠲᠡᠷᠡ ᠲᠠᠷᠢᠶᠠᠨ ᠭᠠᠵᠠᠷ ᠂ ᠤᠰᠤ

        ᠴᠡᠪᠡᠷᠰᠢᠭᠦᠯᠬᠦ ᠲᠠᠰᠤᠭ ᠲᠤ ᠬᠦᠷᠴᠦ ᠂ ᠲᠣᠰᠬᠤᠨ ᠬᠤᠷᠰᠢᠶ᠎ᠠ ᠶᠢᠨ ᠬᠠᠷᠢᠭᠤᠴᠠᠯᠭᠠᠲᠠᠨ ᠂ ᠲᠠᠷᠢᠶᠠᠴᠢᠨ ᠂ ᠳᠠᠭᠠᠵᠤ ᠶᠠᠪᠤᠭ᠎ᠠ ᠠᠵᠢᠯᠲᠠᠨ ᠂ ᠦᠨᠳᠦᠰᠦᠨ ᠱᠠᠲᠤᠨ ᠤ

        ᠺᠠᠳ᠋ᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠤᠰᠤ ᠠᠷᠪᠢᠯᠠᠬᠤ ᠰᠠᠶᠢᠨ ᠰᠡᠳᠬᠢᠴᠡ ᠂ ᠰᠠᠶᠢᠨ ᠠᠷᠭ᠎ᠠ ᠶᠢ ᠰᠤᠳᠤᠯᠤᠨ ᠶᠠᠷᠢᠯᠴᠠᠪᠠ ᠃ ᠲᠡᠷᠡ ᠂ ᠥᠪᠥᠷ ᠮᠣᠩᠭᠤᠯ

        ᠪᠣᠯ ᠤᠰᠤ ᠬᠦᠨᠳᠦ ᠨᠣᠴᠢᠲᠠᠢ ᠲᠤᠲᠠᠭᠳᠠᠵᠤ ᠪᠠᠶᠢᠭ᠎ᠠ ᠭᠠᠵᠠᠷ ᠣᠷᠣᠨ ᠮᠥᠨ ᠂ ᠤᠰᠤ ᠠᠷᠪᠢᠯᠠᠬᠤ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠠᠴᠠ

        ᠥᠨᠳᠥᠷ ᠪᠠᠶᠢᠯᠭᠠᠵᠤ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠂ ᠬᠤᠲᠠ ᠬᠥᠳᠡᠭᠡ ᠶᠢᠨ ᠬᠢᠨ ᠤᠰᠤ ᠶᠢ ᠪᠦᠭᠦ ᠲᠠᠯ᠎ᠠ ᠪᠠᠷ ᠠᠷᠪᠢᠯᠠᠨ ᠬᠡᠷᠡᠭᠯᠡᠵᠦ ᠂ 

        ᠲᠤᠰᠤᠯ ᠤᠰᠤ ᠶᠢ ᠴᠤ ᠪᠦᠷᠢᠯᠭᠡᠨ ᠰᠦᠢᠳᠬᠡᠵᠦ ᠪᠤᠯᠬᠤ ᠦᠭᠡᠢ ᠃ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠳᠤ ᠵᠠᠩᠭᠢᠯᠠᠭ᠎ᠠ ᠨᠢ ᠭᠤᠷᠪᠠᠨ ᠲᠠᠯ᠎ᠠ ᠶᠢ ᠪᠡᠶᠡᠯᠡᠭᠦᠯᠬᠦ

        ᠬᠡᠷᠡᠭᠲᠡᠢ ᠂ ᠨᠢᠭᠡ ᠳᠤ ᠂ ᠤᠰᠤ ᠬᠡᠷᠡᠭᠯᠡᠬᠦ ᠦᠵᠡᠯᠲᠡ ᠪᠠᠨ ᠲᠦᠷᠭᠡᠳᠬᠡᠨ ᠬᠤᠪᠢᠷᠠᠭᠤᠯᠬᠤ ᠬᠡᠷᠡᠭᠲᠡᠢ ᠂ ᠬᠤᠶᠠᠷ ᠲᠤ ᠂ ᠬᠤᠯᠪᠣᠭᠳᠠᠯ ᠪᠦᠬᠦᠢ ᠲᠣᠭᠲᠠᠴᠠ ᠶᠢ ᠪᠠᠶᠢᠭᠤᠯᠤᠨ

        ᠪᠦᠷᠢᠨᠰᠢᠭᠦᠯᠬᠦ ᠬᠡᠷᠡᠭᠲᠡᠢ ᠂ ᠭᠤᠷᠪᠠ ᠳᠤ ᠂ ᠤᠰᠤ ᠠᠷᠪᠢᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠳᠠᠩ ᠭᠠᠭᠴᠠ

        ᠵᠠᠰᠠᠭ ᠤᠨ ᠣᠷᠳᠣᠨ ᠤ ᠣᠷᠣᠭᠤᠯᠤᠯᠲᠠ ᠳᠤ ᠲᠦᠰᠢᠭᠯᠡᠬᠦ ᠲᠠᠨᠢᠯᠲᠠ ᠪᠠ ᠠᠷᠭ᠎ᠠ ᠬᠢᠳᠡᠯ ᠢ ᠬᠤᠪᠢᠷᠠᠭᠤᠯᠵᠤ ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠂ 

        ᠲᠠᠷᠢᠶᠠᠴᠢᠨ ᠡᠷᠦᠭᠡ ᠵᠡᠷᠭᠡ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠬᠤ ᠭᠡᠷᠡᠭᠲᠡᠢ ︔ ᠲᠠᠷᠢᠶᠠᠯᠠᠩ ᠤᠨ ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ ᠠᠰᠠᠭᠤᠳᠠᠯ ᠢ

        ᠵᠣᠷᠢᠭ ᠰᠢᠭᠤᠳᠤᠨ ᠰᠢᠢᠳᠪᠦᠷᠢᠯᠡᠵᠦ ᠂ ᠨᠢᠭᠡ ᠭᠡᠷ ᠨᠢᠭᠡ ᠡᠷᠦᠭᠡ ᠪᠠᠷ ᠣᠨᠣᠪᠴᠢᠲᠠᠢ ᠪᠠᠷ ᠰᠦᠢᠳᠬᠡᠯ ᠬᠤᠷᠢᠶᠠᠵᠤ ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ

        ᠬᠠᠩᠰᠢ ᠶᠢ ᠵᠣᠬᠢᠰᠲᠠᠢ ᠳᠡᠭᠡᠭᠰᠢᠯᠡᠭᠦᠯᠵᠦ ᠂ ᠢᠯᠡᠭᠦᠦ ᠬᠤᠷᠢᠶᠠᠭᠰᠠᠨ ᠤᠰᠤᠨ ᠤ ᠰᠦᠢᠳᠬᠡᠯ ᠢ ᠪᠦᠭᠦᠨ ᠢ ᠲᠠᠷᠢᠶᠠᠯᠠᠩ ᠤᠨ ᠤᠰᠤ ᠠᠷᠪᠢᠯᠠᠬᠤ ᠲᠥᠬᠦᠭᠡᠷᠦᠮᠵᠢ ᠶᠢᠨ

        ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠠᠶᠢᠨ ᠣᠷᠴᠢᠯ ᠢ ᠪᠦᠷᠢᠯᠳᠦᠭᠦᠯᠬᠦ ᠭᠡᠷᠡᠭᠲᠡᠢ ︔ ᠳᠤᠰᠤᠯᠭᠠᠨ

        ᠤᠰᠤᠯᠠᠬᠤ ᠰᠦᠷᠴᠢᠨ ᠤᠰᠤᠯᠠᠬᠤ ᠵᠡᠷᠭᠡ ᠤᠰᠤᠯᠠᠯᠲᠠ ᠶᠢᠨ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ ᠂ ᠪᠣᠬᠢᠷ ᠤᠰᠤ ᠶᠢ ᠴᠤᠭᠯᠠᠭᠤᠯᠬᠤ ᠂ ᠳᠤᠮᠳᠠ

        ᠤᠰᠤ ᠶᠢ ᠠᠰᠢᠭᠯᠠᠬᠤ ᠶᠢ ᠴᠢᠩᠭᠠᠳᠬᠠᠨ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ

        ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ ᠃

              ᠱᠣ᠋ ᠯᠢᠨ ᠽᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ  ᠶᠢᠨ ᠲᠠᠯᠠᠪᠠᠢ ᠳᠤ ᠂ ᠲᠤᠬᠠᠢ ᠶᠢᠨ

        ᠭᠠᠵᠠᠷ ᠤᠨ ᠬᠢᠨ ᠬᠠᠳᠤᠨ ᠭᠤᠣᠯ ᠤᠨ ᠤᠰᠤ ᠶᠢ ᠲᠤᠩᠭᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠦᠷᠦᠯ ᠵᠦᠢᠯ ᠢ

        ᠬᠡᠷᠡᠭᠵᠢᠭᠦᠯᠬᠦ ᠪᠠᠷ ᠲᠠᠮᠵᠢᠨ ᠤᠯᠠᠨ ᠳᠠᠪᠬᠤᠷ ᠦᠷ᠎ᠡ ᠪᠦᠲᠦᠮᠵᠢ ᠣᠯᠣᠭᠰᠠᠨ ᠢ ᠰᠣᠨᠣᠰᠤᠭᠠᠳ ᠂ ᠰᠦᠨ ᠱᠤᠤ ᠴᠧᠩ ᠂ ᠡᠨᠡ ᠬᠦ ᠲᠦᠷᠦᠯ ᠵᠦᠢᠯ ᠢ ᠬᠡᠷᠡᠭᠵᠢᠭᠦᠯᠬᠦ ᠳᠤ

        ᠡᠯᠡᠰᠦ ᠰᠢᠪᠠᠷ ᠢ ᠴᠡᠪᠡᠷᠯᠡᠨ ᠠᠷᠢᠯᠭᠠᠬᠤ ᠂ ᠤᠰᠤ ᠶᠢ ᠠᠷᠪᠢᠯᠠᠨ ᠬᠡᠷᠡᠭᠯᠡᠬᠦ ᠂ ᠳᠠᠪᠤᠰᠤ ᠬᠤᠵᠢᠷ ᠢ ᠰᠠᠭᠠᠷᠮᠠᠭᠵᠢᠭᠤᠯᠬᠤ ᠶᠡᠷᠦᠩᠬᠡᠶᠢᠯᠡᠭᠰᠡᠨ ᠦᠷ᠎ᠡ ᠠᠰᠢᠭ ᠢ ᠣᠯᠵᠤ ᠂ 

        ᠨᠢᠭᠡ ᠯᠡ ᠳᠡᠭᠡᠷ᠎ᠡ ᠤᠯᠠᠨ ᠠᠮᠵᠢᠯᠲᠠ ᠣᠯᠵᠠᠢ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠵᠤ ᠂ ᠡᠨᠡ ᠬᠦ ᠠᠷᠭ᠎ᠠ ᠬᠢᠳᠡᠯ ᠢ ᠳ᠋ᠦᠩᠨᠡᠵᠦ ᠂ 

        ᠲᠡᠷᠡ ᠬᠡᠪ ᠢᠶᠠᠷ ᠨᠢ ᠳᠡᠯᠭᠡᠷᠡᠭᠦᠯᠵᠦ ᠪᠤᠯᠬᠤ ᠵᠠᠭᠪᠤᠷ ᠢ ᠳᠡᠯᠭᠡᠷᠡᠭᠦᠯᠵᠦ ᠂ ︽ᠫᠧᠩᠰᠡᠲᠦ ᠦᠵᠡᠮᠵᠢ ︾  ᠶᠢ ︽ᠤᠢ ᠰᠢᠭᠤᠢ ︾ ᠪᠣᠯᠭᠠᠨ ᠬᠤᠪᠢᠷᠠᠭᠤᠯᠬᠤ ᠬᠡᠷᠡᠭᠲᠡᠢ ᠃ 

        ᠤᠰᠤ ᠠᠷᠪᠢᠯᠠᠬᠤ ᠶᠢ ᠠᠳᠬᠤᠬᠤ ᠂ ᠰᠠᠶᠢᠨ ᠲᠠᠷᠢᠶ᠎ᠠ ᠪᠠᠶᠢᠭᠤᠯᠬᠤ ᠳᠠᠭᠠᠨ ᠵᠠᠰᠠᠭ ᠤᠨ ᠣᠷᠳᠣᠨ ᠬᠢᠵᠦ ᠂ ᠣᠯᠠᠨ ᠲᠦᠮᠡᠨ ᠦᠵᠡᠭᠡᠳ ᠯᠡ ᠪᠠᠶᠢᠵᠤ ᠪᠤᠯᠬᠤ ᠦᠭᠡᠢ ᠂ 

        ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ ᠰᠢᠯᠢᠳᠡᠭᠵᠢᠭᠦᠯᠬᠦ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ

        ᠳᠠᠮᠵᠢᠭᠤᠯᠤᠨ ᠂ ᠣᠯᠠᠨ ᠲᠦᠮᠡᠨ  ᠤ ᠡᠵᠡᠨ ᠬᠥᠮᠥᠨ ᠤ ᠵᠣᠷᠢᠭ ᠰᠠᠨᠠᠭ᠎ᠠ ᠶᠢ ᠬᠥᠭᠵᠢᠭᠡᠵᠦ ᠂ ᠥᠷᠭᠡᠨ ᠣᠯᠠᠨ ᠲᠠᠷᠢᠶᠠᠴᠢᠳ ᠢ ᠴᠥᠮ ᠣᠷᠣᠯᠴᠠᠭᠤᠯᠬᠤ ᠬᠡᠷᠡᠭᠲᠡᠢ ᠭᠡᠵᠦ

        ᠬᠡᠯᠡᠪᠡ ᠃

              ᠪᠠᠶᠢᠴᠠᠭᠠᠨ ᠰᠤᠳᠤᠯᠬᠤ ᠬᠤᠭᠤᠴᠠᠭᠠᠨ ᠳᠤ ᠂ ᠰᠦᠨ ᠱᠤᠤ ᠴᠧᠩ ᠪᠠᠰᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ

        ᠬᠤᠷᠠᠯ  ᠤᠨ ᠲᠥᠯᠥᠭᠡᠯᠡᠭᠴᠢ ᠂ ᠽᠠᠨᠳᠠᠨ ᠵᠤᠤ ᠰᠤᠮᠤ ᠶᠢᠨ ᠳ᠋ᠣᠣ ᠯᠤᠤ ᠲᠣᠰᠬᠤᠨ ᠤ ᠨᠠᠮ ᠤᠨ ᠡᠭᠦᠷ  ᠤᠨ ᠱᠦᠵᠢ ᠯᠢᠦ ᠱᠢ ᠷᠦᠩ ᠤᠨ ᠳᠠᠭᠠᠭᠤᠯᠤᠨ ᠡᠭᠦᠰᠬᠡᠨ

        ᠪᠠᠶᠢᠭᠤᠯᠤᠭᠰᠠᠨ ᠯᠠᠵᠤᠤ ᠲᠠᠷᠢᠬᠤ ᠲᠤᠰᠬᠠᠢ ᠬᠤᠷᠰᠢᠶ᠎ᠠ ᠶᠢ ᠲᠣᠭᠤᠷᠢᠨ ᠦᠵᠡᠵᠦ ᠂ ᠬᠠᠳᠤᠨ ᠭᠤᠣᠯ  ᠤᠨ ᠲᠠᠩ ᠣᠷᠣᠨ ᠤ ᠬᠡᠰᠡᠭ ᠨᠡᠭᠦᠯᠭᠡᠭᠰᠡᠨ ᠰᠠᠭᠤᠭᠠᠯᠢ ᠠᠷᠠᠳ ᠢ

        ᠡᠷᠭᠢᠨ ᠦᠵᠡᠵᠦ ᠂ ᠬᠠᠳᠤᠨ ᠭᠤᠣᠯ ᠳᠠᠭᠠᠤ ᠶᠢᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ ᠂ 

        ᠲᠤᠬᠠᠢ ᠶᠢᠨ ᠭᠠᠵᠠᠷ ᠤᠨ ᠬᠢᠨ ᠢ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠶᠡᠭᠡ ᠪᠠᠷ ᠲᠡᠮᠵᠢᠵᠤ ᠂ ᠲᠠᠩ ᠭᠠᠵᠠᠷ ᠢ ᠨᠡᠭᠦᠯᠭᠡᠭᠰᠡᠨ  ᠤ ᠲᠠᠷᠠᠭ᠎ᠠ ᠭᠠᠵᠠᠷ

        ᠰᠢᠷᠣᠢ ᠶᠢ ᠰᠡᠷᠭᠦᠭᠡᠨ ᠬᠠᠭᠠᠯᠪᠤᠷᠢᠯᠠᠬᠤ ᠠᠵᠢᠯ ᠢ ᠰᠠᠶᠢᠲᠤᠷ ᠬᠢᠵᠦ ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶ᠎ᠠ  ᠶᠢ ᠢᠳᠡᠪᠬᠢᠲᠡᠢ ᠠᠬᠢᠭᠤᠯᠵᠤ ᠂ 

        ᠰᠣᠶᠣᠯ ᠪᠠ ᠵᠢᠭᠤᠯᠴᠢᠯᠠᠯ ᠤᠨ ᠠᠵᠤ ᠦᠢᠯᠡᠰ  ᠢ ᠥᠨᠳᠥᠷ ᠲᠦᠪᠰᠢᠨ ᠢᠶᠠᠷ ᠲᠥᠯᠥᠪᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠠᠬᠢᠪᠠ ᠃ ᠪᠠᠶᠢᠴᠠᠭᠠᠨ ᠰᠤᠳᠤᠯᠤᠯᠲᠠ

        ᠳᠠᠭᠤᠰᠤᠭᠰᠠᠨ  ᠤ ᠳᠠᠷᠠᠭ᠎ᠠ ᠂ ᠰᠦᠨ ᠱᠤᠤ ᠴᠧᠩ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ  ᠳᠤ ᠣᠶᠢᠯᠠᠭᠠᠭᠰᠠᠨ ᠠᠰᠠᠭᠤᠳᠠᠯ  ᠢᠶᠠᠨ ᠡᠮᠬᠢᠯᠡᠵᠦ ᠂ 

        ᠬᠤᠯᠪᠣᠭᠳᠠᠯ ᠪᠦᠬᠦᠢ ᠲᠠᠯ᠎ᠠ ᠶᠢᠨ ᠬᠢᠨ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ ᠃

              ᠢᠦᠢ ᠯᠢ ᠰᠢᠨ ᠂ ᠶᠠᠩ ᠵᠢᠶᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ ᠃

         

        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ

        365赢多少钱会被限额_国内有真正的365平台吗_365bet博彩官网