内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ
        ᠨᠡᠶᠢᠲᠡᠯᠡᠭᠰᠡᠨ ᠴᠠᠭ᠄
        2023/3/29
              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                  ᠥᠪᠥᠷ ᠵᠠᠰᠠᠭ ᠠᠯᠪᠠᠨ ᠲᠠᠷᠬᠠᠭᠠᠭᠰᠠᠨ ﹇2022﹈ 85 ᠳ᠋ᠤᠭᠠᠷ ᠲᠣᠭᠠᠲᠤ

        365赢多少钱会被限额_国内有真正的365平台吗_365bet博彩官网

               ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ      ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄      ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ᠲᠥᠪ ᠲᠠᠷᠬᠠᠭᠠᠭᠰᠠᠨ ﹇2019﹈ 17 ᠳ᠋ᠤᠭᠠᠷ ᠲᠣᠭᠠᠲᠤ ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠪᠡᠶᠡᠯᠡᠭᠳᠡᠯ ᠢ ᠠᠬᠢᠭᠤᠯᠬᠤ ᠶᠢᠨ ᠲᠤᠰᠠᠳᠠ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ ᠂ ᠡᠳᠦᠭᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ ᠃      ᠨᠢᠭᠡ ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠂ ᠵᠠᠰᠠᠭ ᠤᠨ ᠣᠷᠳᠣᠨ ᠠᠴᠠ ᠠᠬᠢᠭᠤᠯᠬᠤ ᠂ ᠡᠷᠬᠡ ᠲᠡᠭᠰᠢ ᠪᠠᠷ ᠥᠷᠢᠰᠦᠯᠳᠦᠬᠦ ᠂ ᠣᠯᠠᠨ ᠲᠠᠯ᠎ᠠ ᠶᠢᠨ ᠬᠢᠨ ᠬᠦᠷᠲᠡᠬᠦ ︾ ᠵᠠᠷᠴᠢᠮ ᠶᠣᠰᠣᠭᠠᠷ ᠂ ᠢᠳᠡᠭᠡᠨ ᠤ ᠠᠮᠤᠷ ᠲᠦᠪᠰᠢᠨ ᠳᠠᠬᠢ ᠬᠠᠷᠢᠶᠠᠲᠤ ᠣᠷᠣᠨ ᠤ ᠬᠠᠷᠢᠭᠤᠴᠠᠯᠭ᠎ᠠ ᠪᠠ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ ᠂ ᠳᠠᠭᠠᠳᠬᠠᠯ ᠤᠨ ᠲᠦᠭᠰᠢᠭᠦᠷᠢ ᠶᠢᠨ ᠬᠠᠮᠢᠶᠠᠷᠤᠯᠲᠠ ᠪᠠ ᠠᠵᠤ ᠠᠬᠤᠢ ᠶᠢᠨ ᠨᠥᠬᠦᠪᠦᠷᠢ ᠶᠢᠨ ᠴᠢᠳᠠᠮᠵᠢ ᠶᠢ ᠪᠠᠳᠠᠷᠠᠭᠤᠯᠵᠤ ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠡᠷᠡᠳᠬᠦᠨ ᠂ ᠦᠢᠯᠡᠴᠢᠯᠡᠭᠡ ᠂ ᠬᠠᠮᠢᠶᠠᠷᠤᠯᠲᠠ ᠪᠠ ᠮᠡᠷᠭᠡᠵᠢᠯ ᠤᠨ ᠰᠢᠨᠡᠴᠢᠯᠡᠯᠲᠡ ᠶᠢᠨ ᠴᠢᠳᠠᠪᠤᠷᠢ ᠶᠢ ᠴᠢᠩᠭᠠᠳᠬᠠᠵᠤ ᠂ ᠢᠳᠡᠭᠡᠨ ᠦᠢᠯᠡᠳᠪᠦᠷᠢᠯᠡᠭᠴᠢ ᠡᠵᠡᠩᠨᠡᠭᠴᠢᠳ ᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠳᠠᠭᠠᠳᠬᠠᠭᠤᠯᠬᠤ ᠪᠠᠷ ᠤᠷᠮᠠᠰᠢᠭᠤᠯᠤᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠯᠪᠡᠷᠢ ᠶᠢ ᠰᠢᠯᠢᠳᠡᠭᠵᠢᠭᠦᠯᠵᠦ ᠂ ᠨᠡᠶᠢᠭᠡᠮ ᠤᠨ ᠵᠠᠰᠠᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃      ︵ᠬᠤᠶᠠᠷ ︶ ᠠᠵᠢᠯ ᠤᠨ ᠬᠠᠷᠠᠯᠲᠠ ᠃ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠲᠦᠭᠡᠮᠡᠯᠵᠢᠭᠦᠯᠬᠦ ᠵᠠᠭᠪᠤᠷ ᠢ ᠪᠠᠶᠢᠭᠤᠯᠤᠨ ᠂ ︽ᠳᠠᠭᠠᠳᠬᠠᠯ ᠤᠨ ᠵᠠᠷᠤᠳᠠᠯ ᠪᠠᠭ᠎ᠠ ᠂ ᠳᠠᠭᠠᠳᠬᠠᠯ ᠤᠨ ᠮᠥᠩᠭᠦ ᠶᠡᠭᠡ ᠂ ᠪᠠᠲᠤᠯᠠᠬᠤ ᠬᠡᠪᠴᠢᠶ᠎ᠡ ᠥᠷᠭᠡᠨ ︾ ᠢᠳᠡᠭᠡᠨ ᠤ ᠠᠮᠤᠷ ᠲᠦᠪᠰᠢᠨ ᠤ ᠬᠠᠮ ᠳᠠᠭᠠᠳᠬᠠᠯ ᠢ ᠰᠤᠳᠤᠯᠵᠤ ᠬᠥᠭᠵᠢᠭᠦᠯᠬᠦ ᠶᠢ ᠵᠣᠷᠢᠭᠵᠢᠭᠤᠯᠵᠤ ᠂ ᠣᠯᠠᠨ ᠡᠰᠢᠲᠦ ᠨᠡᠷᠡᠳᠬᠦᠨ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠰᠥᠪᠯᠡᠵᠦ ᠂ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ ᠂ 2025 ᠣᠨ ᠪᠣᠯᠬᠤ ᠳᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠡᠷᠬᠡ ᠲᠡᠭᠰᠢ ᠨᠢᠭᠡᠳᠦᠯᠲᠡᠢ ᠂ ᠠᠮᠤᠷ ᠲᠦᠪᠰᠢᠨ ᠵᠢᠷᠤᠮᠵᠢᠭᠤᠨ ᠂ ᠦᠷᠭᠦᠯᠵᠢᠯᠡᠬᠦᠶᠢᠴᠡ ᠰᠢᠨ᠎ᠡ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠠᠶᠢᠭᠤᠯᠬᠤ ᠪᠠᠷ ᠴᠢᠷᠮᠠᠶᠢᠨ᠎ᠠ ᠃      ᠬᠤᠶᠠᠷ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ      ︵ᠭᠤᠷᠪᠠ︶ ᠳᠠᠭᠠᠳᠬᠠᠯ ᠤᠨ ᠨᠡᠷᠡᠳᠬᠦᠨ ᠢ ᠰᠢᠯᠢᠳᠡᠭᠵᠢᠭᠦᠯᠦᠨ᠎ᠡ ᠃ ᠳᠠᠭᠠᠳᠬᠠᠯ ᠤᠨ ᠪᠠᠶᠢᠭᠤᠯᠤᠮᠵᠢ ᠨᠢ ᠳᠠᠭᠠᠳᠬᠠᠯ ᠳᠤ ᠳᠠᠭᠠᠣᠡᠬᠠᠭᠤᠯᠬᠤ ᠠᠵᠤ ᠠᠬᠤᠶᠢᠯᠠᠯ ᠤᠨ ᠠᠵᠢᠯ ᠲᠥᠷᠥᠯ ᠤᠨ ᠲᠥᠷᠥᠯ ᠬᠡᠯᠪᠡᠷᠢ ᠂ ᠦᠢᠯᠡᠳᠪᠦᠷᠢᠯᠡᠨ ᠡᠵᠡᠩᠨᠡᠬᠦ ᠬᠡᠪᠴᠢᠶ᠎ᠡ ᠂ ᠥᠩᠭᠡᠷᠡᠭᠰᠡᠨ ᠤ ᠬᠤᠬᠢᠷᠠᠯ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ ᠂ ᠲᠦᠭᠰᠢᠭᠦᠷᠢ ᠶᠢᠨ ᠬᠤᠬᠢᠷᠠᠯ ᠤᠨ ᠵᠠᠷᠴᠢᠮ ᠶᠣᠰᠣᠭᠠᠷ ᠂ ᠳᠠᠭᠠᠳᠬᠠᠯ ᠤᠨ ᠰᠠᠭᠤᠷᠢ ᠵᠠᠷᠤᠳᠠᠯ ᠤᠨ ᠨᠣᠷᠮ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ ᠃ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ ᠬᠡᠯᠪᠡᠯᠵᠡᠯᠲᠡ ᠶᠢᠨ ᠲᠣᠭᠲᠠᠴᠠ ᠶᠢ ᠪᠠᠶᠢᠭᠤᠯᠵᠤ ᠂ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ ᠬᠥᠰᠢᠭᠦᠷᠭᠡ ᠶᠢᠨ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ︽ᠦᠨᠳᠦᠰᠦᠨ ᠬᠠᠷᠢᠭᠤᠴᠠᠯᠭ᠎ᠠ ᠶᠢᠨ ᠳᠠᠭᠠᠳᠬᠠᠯ + ᠨᠡᠮᠡᠯᠲᠡ ᠳᠠᠭᠠᠳᠬᠠᠯ ︾  ᠢᠶᠠᠷ ᠪᠦᠲᠦᠴᠡ ᠪᠣᠯᠭᠠᠨ ᠂ ︽ᠰᠦᠢᠳᠦᠯ ᠤᠨ ᠲᠥᠯᠥᠪᠦᠷᠢ + ᠵᠠᠷᠤᠳᠠᠯ ᠤᠨ ᠨᠥᠬᠦᠪᠦᠷᠢ ︾ ᠪᠠᠷ ᠴᠢᠭᠯᠡᠯ ᠪᠣᠯᠭᠠᠵᠤ ᠂ ᠳᠠᠭᠠᠳᠬᠠᠯ ᠤᠨ ᠰᠢᠨ᠎ᠡ ᠨᠡᠷᠡᠳᠬᠦᠨ  ᠢ ᠢᠳᠡᠪᠬᠢᠲᠡᠢ ᠨᠡᠭᠡᠭᠡᠨ ᠬᠥᠭᠵᠢᠭᠦᠯᠬᠦ ᠬᠡᠷᠡᠭᠲᠡᠢ ᠃ ᠢᠳᠡᠭᠡᠨ ᠦᠢᠯᠡᠳᠪᠦᠷᠢᠯᠡᠬᠦ ᠡᠵᠡᠩᠨᠡᠬᠦ ᠨᠢᠭᠡᠴᠢ ᠶᠢᠨ ᠬᠡᠪᠴᠢᠶ᠎ᠡ ᠂ ᠡᠵᠡᠩᠨᠡᠯᠲᠡ ᠶᠢᠨ ᠪᠠᠶᠢᠳᠠᠯ ᠲᠥᠯᠥᠪ ᠂ ᠲᠦᠭᠰᠢᠭᠦᠷᠢ ᠶᠢᠨ ᠣᠨᠴᠠᠯᠢᠭ ᠵᠡᠷᠭᠡ ᠶᠢ ᠦᠨᠳᠦᠰᠦᠯᠡᠨ ᠨᠡᠷᠡᠳᠬᠦᠨ ᠤ ᠳᠠᠭᠠᠳᠬᠠᠯ ᠂ ᠡᠭᠡᠭᠦᠯᠦᠨ ᠠᠪᠴᠤ ᠲᠥᠯᠥᠪᠦᠷᠢ ᠥᠭᠬᠦ ᠳᠠᠭᠠᠳᠬᠠᠯ ᠂ ᠬᠠᠮᠲᠤ ᠴᠣᠭᠴᠠ ᠶᠢᠨ ᠳᠠᠭᠠᠳᠬᠠᠯ ᠮᠡᠲᠦ ᠶᠢᠨ ᠣᠯᠠᠨ ᠡᠰᠢᠲᠦ ᠳᠠᠭᠠᠳᠬᠠᠯ ᠤᠨ ᠨᠡᠷᠡᠳᠬᠦᠨ ᠢ ᠲᠥᠯᠥᠪᠯᠡᠨ ᠨᠡᠭᠡᠭᠡᠨ ᠬᠥᠭᠵᠢᠭᠦᠯᠵᠦ ᠂ ᠳᠠᠭᠠᠳᠬᠠᠯ ᠤᠨ ᠬᠠᠷᠢᠭᠤᠴᠠᠯᠭ᠎ᠠ ᠶᠢᠨ ᠬᠡᠪᠴᠢᠶ᠎ᠡ ᠪᠠ ᠲᠥᠯᠥᠪᠦᠷᠢ ᠲᠥᠯᠥᠬᠦ ᠶᠠᠪᠤᠴᠠ ᠶᠢ ᠲᠣᠳᠣᠷᠬᠠᠶᠢᠯᠠᠵᠤ ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠦᠢᠯ ᠵᠤᠷᠪᠤᠰ ᠢ ᠵᠣᠬᠢᠰᠲᠠᠢ ᠪᠠᠷ ᠴᠥᠭᠡᠳᠬᠡᠨ ᠂ ᠵᠠᠬ᠎ᠠ ᠳᠡᠯᠭᠡᠭᠦᠷ ᠤᠨ ᠡᠯ᠎ᠡ ᠲᠥᠷᠥᠯ ᠤᠨ ᠭᠤᠣᠯ ᠴᠣᠭᠴᠠ ᠶᠢᠨ ᠠᠳᠠᠯᠢ ᠪᠤᠰᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠬᠠᠷᠢᠶᠠᠯᠠᠯ ᠤᠨ ᠳᠠᠭᠠᠳᠬᠠᠯ ᠤᠨ ᠨᠡᠷᠡᠳᠬᠦᠨ ᠢ ᠨᠡᠭᠡᠭᠡᠨ ᠬᠥᠭᠵᠢᠭᠦᠯᠵᠦ ᠂ ᠤᠤᠯ ᠤᠨ ᠳᠠᠭᠠᠳᠬᠠᠯ ᠤᠨ ᠨᠡᠷᠡᠳᠬᠦᠨ ᠤ ᠬᠠᠨᠳᠤᠯᠭᠠᠲᠤ ᠴᠢᠨᠠᠷ ᠰᠤᠯᠠ ᠂ ᠪᠠᠲᠤᠯᠠᠭ᠎ᠠ ᠴᠥᠭᠡᠨ ᠂ ᠬᠠᠩᠰᠢ ᠥᠨᠳᠥᠷ ᠂ ᠲᠥᠯᠥᠪᠦᠷᠢ ᠲᠥᠯᠥᠬᠦ ᠳᠤ ᠬᠦᠴᠢᠷ ᠵᠡᠷᠭᠡ ᠠᠰᠠᠭᠤᠳᠠᠯ ᠤᠳ ᠢ ᠭᠤᠣᠯᠳᠠᠯᠭ᠎ᠠ ᠲᠠᠢ ᠰᠢᠢᠳᠪᠦᠷᠢᠯᠡᠨ᠎ᠡ ᠃ ᠳᠠᠭᠠᠳᠬᠠᠯ ᠳᠤ ᠥᠷᠭᠦᠯᠵᠢᠯᠡᠨ ᠣᠷᠤᠯᠴᠠᠬᠤ ᠠᠵᠤ ᠠᠬᠤᠶᠢᠯᠠᠯ ᠨᠢᠭᠡᠴᠢ ᠨᠦᠭᠦᠳ ᠲᠤ ᠤᠷᠮᠠᠰᠢᠭᠤᠯᠤᠯ ᠤᠨ ᠳᠥᠷᠥ ᠶᠢᠨ ᠪᠣᠳᠣᠯᠭ᠎ᠠ ᠬᠠᠩᠭᠠᠵᠤ ᠂ ᠢᠳᠡᠭᠡᠨ ᠦᠢᠯᠡᠳᠪᠦᠷᠢᠯᠡᠭᠴᠢ ᠡᠵᠡᠩᠨᠡᠭᠴᠢᠳ ᠤᠨ ᠤᠬᠠᠮᠰᠠᠷ ᠠᠴᠠ ᠪᠠᠨ ᠳᠠᠭᠠᠳᠬᠠᠯ ᠳᠤ ᠣᠷᠤᠯᠴᠠᠬᠤ ᠳᠣᠲᠣᠭᠠᠳᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠃      ︵ᠳᠥᠷᠪᠡ ︶ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠤᠨ᠎ᠠ ᠃ ᠳᠠᠭᠠᠳᠬᠠᠯ ᠤᠨ ᠵᠠᠭᠪᠤᠷ ᠤᠨ ᠰᠢᠨᠡᠴᠢᠯᠡᠯᠲᠡ ᠶᠢ ᠵᠣᠷᠢᠭᠵᠢᠭᠤᠯᠵᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠢᠶᠠᠳᠠᠬᠤ ᠲᠠᠯ᠎ᠠ ᠶᠢᠨ ᠬᠢᠨ ᠵᠠᠭᠤᠴᠢᠯᠠᠬᠤ ᠺᠤᠮᠫᠠᠨᠢ ᠶᠢ ᠲᠣᠬᠢᠷᠠᠮᠵᠢᠲᠠᠢ ᠴᠠᠭ ᠲᠤ ᠣᠷᠣᠭᠤᠯᠤᠨ ᠠᠪᠴᠢᠷᠠᠵᠤ ᠂ ᠳᠠᠭᠠᠳᠬᠠᠯ ᠤᠨ ᠪᠠᠶᠢᠭᠤᠯᠤᠮᠵᠢ ᠶᠢᠨ ︽ ᠬᠠᠮᠵᠢᠶ᠎ᠠ ᠳᠠᠭᠠᠳᠬᠠᠯ ᠤᠨ ᠴᠣᠭᠴᠠ ︾ ᠬᠡᠯᠪᠡᠷᠢ ᠪᠠᠷ ᠬᠠᠮᠲᠤᠷᠠᠨ ᠳᠠᠭᠠᠳᠬᠠᠯ ᠳᠠᠭᠠᠭᠠᠬᠤ ᠶᠢ ᠨᠢ ᠵᠣᠷᠢᠭᠵᠢᠭᠤᠯᠵᠤ ᠂ ᠨᠢᠭᠡᠳᠦᠯᠲᠡᠢ ᠳᠠᠭᠠᠳᠬᠠᠯ ᠤᠨ ᠲᠥᠷᠥᠯ ᠂ ᠨᠢᠭᠡᠳᠦᠯᠲᠡᠢ ᠵᠠᠷᠤᠳᠠᠯ ᠤᠨ ᠨᠤᠷᠮ᠎ᠠ ᠂ ᠨᠢᠭᠡᠳᠦᠯᠲᠡᠢ ᠵᠦᠢᠯ ᠵᠤᠷᠪᠤᠰ ᠂ ᠨᠢᠭᠡᠳᠦᠯᠲᠡᠢ ᠪᠠᠲᠤᠯᠠᠭ᠎ᠠ ᠶᠢᠨ ᠬᠡᠪᠴᠢᠶ᠎ᠡ ᠶᠢᠨ ᠵᠠᠭᠪᠤᠷ ᠢ ᠬᠡᠷᠡᠭᠵᠢᠭᠦᠯᠵᠦ ᠂ ᠠᠵᠢᠯ ᠲᠥᠷᠥᠯ ᠢᠶᠠᠷ ᠨᠢ ᠨᠢᠭᠡᠳᠦᠯᠲᠡᠢ ᠳᠠᠭᠠᠣᠡᠬᠠᠭᠤᠯᠬᠤ ᠂ ᠣᠷᠣᠨ ᠪᠦᠰᠡ ᠶᠢᠨ ᠬᠢᠨ ᠲᠥᠪᠯᠡᠷᠡᠨ ᠳᠠᠭᠠᠳᠬᠠᠯ ᠳᠤ ᠳᠠᠭᠠᠣᠡᠬᠠᠭᠤᠯᠬᠤ ᠵᠡᠷᠭᠡ ᠬᠡᠯᠪᠡᠷᠢ ᠪᠠᠷ ᠬᠠᠮᠲᠤ ᠴᠣᠭᠴᠠ ᠪᠠᠷ ᠢᠶᠠᠨ ᠂ ᠪᠥᠭᠡᠮ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ ᠠᠬᠢᠭᠤᠯᠤᠨ ᠂ ᠳᠠᠭᠠᠳᠬᠠᠯ ᠤᠨ ᠬᠡᠪᠴᠢᠶᠡᠵᠢᠯ ᠤᠨ ᠨᠥᠯᠥᠭᠡᠯᠡᠯ ᠢ ᠳᠡᠭᠡᠭᠰᠢᠯᠡᠭᠦᠯᠵᠦ ᠂ ᠳᠠᠭᠠᠳᠬᠠᠯ ᠤᠨ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ ᠃      ︵ᠲᠠᠪᠤ ︶ ᠳᠠᠭᠠᠳᠬᠠᠯ ᠤᠨ ᠲᠥᠯᠥᠪᠦᠷᠢ ᠲᠥᠯᠥᠬᠦ ᠲᠣᠭᠲᠠᠴᠠ ᠶᠢ ᠲᠡᠭᠦᠯᠳᠡᠷᠵᠢᠭᠦᠯᠦᠨ᠎ᠡ ᠃ ᠳᠠᠭᠠᠳᠬᠠᠯ ᠤᠨ ᠦᠢᠯᠡᠴᠢᠯᠡᠭᠡᠨ ᠤ ᠬᠡᠯᠪᠡᠷᠢ ᠶᠢ ᠰᠢᠨᠡᠴᠢᠯᠡᠵᠦ ᠂ ᠳᠠᠭᠠᠳᠬᠠᠯ ᠳᠤ ᠳᠠᠭᠠᠣᠡᠬᠠᠭᠤᠯᠣᠭᠰᠠᠨ ᠢᠳᠡᠭᠡᠨ ᠦᠢᠯᠡᠳᠪᠦᠷᠢᠯᠡᠨ ᠡᠵᠡᠩᠨᠡᠬᠦ ᠠᠵᠤ ᠠᠬᠤᠶᠢᠯᠠᠯ ᠨᠢᠭᠡᠴᠢ  ᠨᠦᠭᠦᠳ ᠲᠤ ᠲᠦᠭᠰᠢᠭᠦᠷᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠬᠤ ᠪᠠᠨ ᠴᠢᠩᠭᠠᠳᠬᠠᠵᠤ ᠂ ᠳᠠᠭᠠᠳᠬᠠᠯ ᠳᠤ ᠳᠠᠭᠠᠣᠡᠬᠠᠭᠤᠯᠣᠭᠰᠠᠨ ᠠᠵᠤ ᠠᠬᠤᠶᠢᠯᠠᠯ ᠨᠢᠭᠡᠴᠢ ᠨᠦᠭᠦᠳ ᠤᠨ ᠲᠦᠭᠰᠢᠭᠦᠷᠢ ᠶᠢᠨ ᠲᠤᠬᠠᠢ ᠬᠥᠮᠦᠵᠢᠯ ᠬᠢᠬᠦ ᠪᠠ ᠠᠳᠡᠯ ᠭᠠᠷᠬᠤ ᠠᠴᠠ ᠰᠡᠷᠭᠡᠶᠢᠯᠡᠬᠦ ᠬᠠᠮᠢᠶᠠᠷᠤᠯᠲᠠ ᠥᠷᠨᠢᠭᠦᠯᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠵᠢᠯᠤᠭᠤᠳᠴᠤ ᠂ ᠳᠠᠭᠠᠳᠬᠠᠯ ᠳᠤ ᠳᠠᠭᠠᠣᠡᠬᠠᠭᠤᠯᠣᠭᠰᠠᠣᠨ ᠤᠨ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠠᠴᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠳᠠᠭᠠᠳᠬᠠᠯ ᠤᠨ ᠪᠠᠶᠢᠭᠤᠯᠤᠮᠵᠢ ᠶᠢᠨ ᠲᠥᠯᠥᠪᠦᠷᠢ ᠲᠥᠯᠥᠬᠦ ᠮᠡᠳᠡᠭᠡ ᠵᠠᠩᠭᠢᠵᠢᠯᠲᠠ ᠶᠢᠨ ᠵᠠᠮ ᠮᠥᠷ ᠤᠨ ᠪᠠᠶᠢᠭᠤᠯᠤᠯᠲᠠ ᠶᠢ ᠳᠡᠮᠵᠢᠵᠦ ᠂ ᠪᠠᠭ᠎ᠠ ᠲᠣᠭᠠᠨ ᠤ ᠲᠥᠯᠥᠪᠦᠷᠢ ᠶᠢᠨ ᠲᠥᠯᠥᠬᠦ ᠶᠠᠪᠤᠴᠠ ᠶᠢ ᠴᠣᠮᠬᠠᠳᠬᠠᠵᠤ ᠂ ᠲᠦᠷᠭᠡᠨ ᠰᠢᠢᠳᠪᠦᠷᠢᠯᠡᠬᠦ ᠴᠤᠪᠤᠷᠠᠯ ᠢ ᠲᠣᠳᠣᠷᠬᠠᠶᠢᠯᠠᠨ ᠂ ᠳᠠᠭᠠᠳᠬᠠᠯ ᠤᠨ ᠲᠥᠯᠥᠪᠦᠷᠢ ᠲᠥᠯᠥᠬᠦ ᠬᠠᠷᠢᠭᠤᠴᠠᠯᠭ᠎ᠠ ᠶᠢ ᠨᠢ ᠴᠠᠭ ᠲᠤᠬᠠᠢ ᠳᠤ ᠨᠢ ᠭᠦᠢᠴᠡᠳᠬᠡᠯᠭᠡᠬᠦ ᠬᠡᠷᠡᠭᠲᠡᠢ ᠃ ᠬᠠᠷᠢᠭᠤᠴᠠᠯᠭ᠎ᠠ ᠨᠢ ᠲᠣᠳᠣᠷᠬᠠᠢ ᠢᠳᠡᠭᠡᠨ ᠤ ᠠᠮᠤᠷ ᠲᠦᠪᠰᠢᠨ ᠤ ᠠᠳᠡᠯ ᠳᠤ ᠳᠠᠭᠠᠳᠬᠠᠯ ᠤᠨ ᠪᠠᠶᠢᠭᠤᠯᠤᠮᠵᠢ ᠠᠴᠠ ᠬᠤᠬᠢᠷᠠᠭᠴᠢᠳ ᠲᠤ ᠤᠷᠢᠳ ᠢᠶᠠᠷ ᠲᠦᠯᠣᠭᠦ ᠪᠤᠶᠤ ᠲᠥᠯᠥᠪᠦᠷᠢ ᠶᠢᠨ ᠮᠥᠩᠭᠦ ᠪᠠᠨ ᠤᠷᠢᠳᠴᠢᠯᠠᠨ ᠥᠭᠴᠦ ᠂ ᠲᠥᠯᠥᠪᠦᠷᠢ ᠲᠥᠯᠥᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠳᠠᠷᠤᠶᠢᠬᠠᠨ ᠰᠢᠢᠳᠪᠦᠷᠢᠯᠡᠵᠦ ᠂ ᠲᠥᠯᠥᠬᠦ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ ᠃      ︵ᠵᠢᠷᠭᠤᠭ᠎ᠠ ︶ ᠳᠠᠭᠠᠳᠬᠠᠯ ᠳᠤ ᠣᠷᠤᠯᠴᠠᠬᠤ ᠡᠵᠡᠩᠨᠡᠯᠲᠡ ᠶᠢᠨ ᠪᠠᠶᠢᠳᠠᠯ ᠲᠥᠯᠥᠪ ᠤᠨ ᠬᠡᠪᠴᠢᠶ᠎ᠡ ᠶᠢ ᠲᠣᠳᠣᠷᠬᠠᠶᠢᠯᠠᠨ᠎ᠠ ᠃ ᠡᠯ᠎ᠡ ᠭᠠᠵᠠᠷ ᠣᠷᠣᠨ ᠨᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠢᠬ᠎ᠠ ᠥᠨᠳᠡᠭᠡ ᠰᠦ ᠵᠢᠴᠢ ᠡᠳᠡᠭᠡᠷ ᠤᠨ ᠪᠦᠲᠦᠭᠡᠭᠳᠡᠬᠦᠨ ᠤᠳ ︵ᠨᠢᠷᠠᠢ ᠨᠢᠯᠬ᠎ᠠ ᠬᠡᠦᠬᠡᠳ ᠤᠨ ᠬᠡᠷᠡᠭᠯᠡᠬᠦ ᠨᠠᠶᠢᠷᠠᠯᠭ᠎ᠠ ᠲᠠᠢ ᠰᠦᠨ ᠲᠠᠯᠬ᠎ᠠ ᠪᠠᠭᠲᠠᠨ᠎ᠠ ︶ ᠪᠠ ᠬᠠᠷ᠎ᠠ ᠠᠷᠢᠬᠢ ᠦᠢᠯᠡᠳᠪᠦᠷᠢᠯᠡᠬᠦ ᠠᠵᠤ ᠠᠬᠤᠶᠢᠯᠠᠯ ᠂ ᠬᠠᠮᠲᠤ ᠪᠠᠷ ᠬᠤᠭᠤᠯᠠᠯᠠᠳᠠᠭ ᠨᠢᠭᠡᠴᠢ ︵ᠰᠤᠷᠭᠠᠭᠤᠯᠢ ᠶᠢᠨ ᠬᠦᠷᠢᠶᠡᠨ ᠳᠠᠬᠢ ᠬᠤᠭᠤᠯᠠᠨ ᠭᠡᠷ ᠂ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠬᠤᠭᠤᠯᠠᠨ ᠭᠡᠷ ᠂ ᠬᠥᠳᠡᠭᠡ ᠲᠣᠰᠬᠤᠨ ᠤ ᠬᠠᠮᠲᠤ ᠪᠠᠷ ᠬᠤᠭᠤᠯᠠᠯᠠᠬᠤ ᠳᠤ ᠡᠵᠡᠩᠨᠡᠵᠦ ᠪᠠᠶᠢᠭ᠎ᠠ ᠨᠢᠭᠡᠴᠢ ᠵᠡᠷᠭᠡ ᠪᠠᠭᠲᠠᠨ᠎ᠠ ︶ ᠂ ᠪᠥᠭᠡᠮ ᠢᠳᠡᠭᠡᠨ ᠢ ᠲᠣᠬᠢᠷᠠᠭᠤᠯᠤᠨ ᠬᠦᠷᠭᠡᠬᠦ ᠨᠢᠭᠡᠴᠢ ᠂ ᠬᠤᠭᠤᠯᠠᠨ ᠭᠡᠷ ᠤᠨ ᠬᠠᠮ ᠦᠢᠯᠡᠴᠢᠯᠡᠭᠦᠷ ᠪᠠ ᠵᠠᠬᠢᠶᠠᠯᠠᠭ᠎ᠠ ᠪᠠᠷ ᠪᠣᠯᠤᠭᠰᠠᠨ ᠢᠳᠡᠭᠡᠨ ᠲᠣᠬᠢᠷᠠᠭᠤᠯᠤᠨ ᠬᠦᠷᠭᠡᠬᠦ ᠨᠢᠭᠡᠴᠢ ᠨᠦᠭᠦᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠤᠬᠠᠮᠰᠠᠷ ᠠᠴᠠ ᠪᠠᠨ ᠳᠠᠭᠠᠣᠡᠬᠠᠭᠤᠯᠬᠤ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ ᠃ ᠨᠥᠬᠦᠴᠡᠯ ᠲᠠᠢ ᠣᠷᠣᠨ ᠨᠤᠲᠤᠭ ᠨᠢ ᠬᠡᠪᠴᠢᠶᠡᠵᠢᠯ ᠠᠴᠠ ᠳᠡᠭᠡᠭᠰᠢᠬᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠂ ᠲᠠᠷᠢᠶᠠᠴᠢᠳ ᠤᠨ ᠲᠤᠰᠬᠠᠢ ᠮᠡᠷᠭᠡᠵᠢᠯ ᠤᠨ ᠬᠤᠷᠰᠢᠶᠠᠵᠢᠯ ᠂ ᠡᠷᠡᠭᠦᠯᠵᠢᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠂ ᠢᠳᠡᠭᠡᠨ ᠪᠣᠷᠣᠯᠠᠭᠤᠯᠬᠤ ᠰᠦᠯᠵᠢᠶᠡᠨ ᠲᠠᠪᠴᠠᠩ ᠂ ᠢᠳᠡᠭᠡᠨ ᠤᠮᠳᠠᠭᠠᠨ ᠤ ᠬᠡᠯᠬᠢᠶ᠎ᠡ ᠠᠵᠤ ᠠᠬᠤᠶᠢᠯᠠᠯ ᠂ ᠬᠡᠯᠬᠢᠶ᠎ᠡ ᠬᠡᠳᠦ ᠳᠡᠯᠭᠡᠭᠦᠷ ᠵᠢᠴᠢ ᠲᠦᠭᠰᠢᠭᠦᠷᠢ ᠪᠠᠷ ᠬᠠᠷᠢᠴᠠᠩᠭᠤᠢ ᠥᠨᠳᠥᠷ ᠪᠠᠶᠢᠭ᠎ᠠ ᠢᠳᠡᠭᠡᠨ ᠦᠢᠯᠡᠳᠪᠦᠷᠢᠯᠡᠨ ᠡᠵᠡᠩᠨᠡᠬᠦ ᠪᠤᠰᠤᠳ ᠨᠢᠭᠡᠴᠢ ᠨᠦᠭᠦᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ ᠃      ᠭᠤᠷᠪᠠ ᠂ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠷᠠᠭᠤᠯᠤᠨ᠎ᠠ      ︵ᠳᠣᠯᠤᠭ᠎ᠠ ︶ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠨ᠎ᠠ ᠃ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠡᠳᠦᠷ ᠲᠣᠲᠣᠮ ᠤᠨ ᠭᠤᠣᠯᠳᠠᠯᠭ᠎ᠠ ᠪᠣᠯᠬᠤ ᠠᠵᠢᠯ ᠳᠤ ᠪᠠᠨ ᠣᠷᠣᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠠᠵᠢᠯ ᠪᠠᠶᠢᠷᠢᠯᠠᠭᠤᠯᠬᠤ ᠂ ᠬᠡᠷᠡᠭᠵᠢᠭᠦᠯᠬᠦ ᠪᠠᠶᠢᠴᠠᠭᠠᠬᠤ ᠪᠠ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ︔ ᠨᠢᠭᠡᠳᠦᠯᠲᠡᠢ ᠲᠥᠯᠥᠪᠯᠡᠨ ᠬᠠᠮᠲᠤᠷᠠᠨ ᠠᠵᠢᠯᠯᠠᠵᠤ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠂ ᠳᠠᠭᠠᠳᠬᠠᠯ ᠤᠨ ᠪᠠᠶᠢᠭᠤᠯᠤᠮᠵᠢ ᠂ ᠳᠠᠭᠠᠳᠬᠠᠯ ᠳᠤ ᠣᠷᠣᠯᠴᠠᠭᠰᠠᠨ ᠨᠢᠭᠡᠴᠢ ᠵᠡᠷᠭᠡ ᠣᠯᠠᠨ ᠡᠲᠡᠭᠡᠳ ᠢᠶᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠂ ᠬᠠᠮᠲᠤᠷᠠᠯ ᠬᠦᠴᠦᠨ ᠢ ᠪᠦᠷᠢᠯᠳᠦᠭᠦᠯᠵᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠤᠨ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠡᠮᠬᠢ ᠳᠠᠷᠠᠭᠠᠯᠠᠯ ᠲᠠᠢ ᠠᠬᠢᠬᠤ ᠶᠢ ᠪᠠᠲᠤᠯᠠᠬᠤ ᠬᠡᠷᠡᠭᠲᠡᠢ ᠃      ︵ᠨᠠᠢᠮᠠ︶  ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠪᠠᠨ ᠴᠢᠩᠭᠠᠳᠬᠠᠨ᠎ᠠ ᠃ ᠳᠠᠭᠠᠳᠬᠠᠯ ᠤᠨ ᠪᠠᠶᠢᠭᠤᠯᠤᠮᠵᠢ ᠨᠢ ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠦᠢᠯᠡᠴᠢᠯᠡᠭᠡ ᠪᠠᠨ ᠴᠢᠩᠭᠠᠳᠬᠠᠵᠤ ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ ᠂ ᠳᠠᠭᠠᠳᠬᠠᠯ ᠳᠤ ᠣᠷᠣᠯᠴᠠᠭᠰᠠᠨ ᠨᠢᠭᠡᠴᠢ ᠳᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠂ ᠲᠦᠭᠰᠢᠭᠦᠷᠢ ᠶᠢᠨ ᠲᠠᠯ᠎ᠠ ᠶᠢᠨ ᠦᠨᠡᠯᠡᠯᠲᠡ ᠬᠢᠬᠦ ᠵᠡᠷᠭᠡ ᠬᠤᠯᠪᠣᠭᠳᠠᠯ ᠪᠦᠬᠦᠢ ᠦᠢᠯᠡᠴᠢᠯᠡᠭᠡ ᠬᠠᠩᠭᠠᠬᠤ ᠬᠡᠷᠡᠭᠲᠡᠢ ᠃ ᠳᠠᠭᠠᠳᠬᠠᠯ ᠳᠠᠭᠠᠭᠠᠬᠤ ᠠᠴᠠ ᠪᠠᠨ ᠡᠮᠦᠨ᠎ᠡ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠢᠨᠵᠢᠯᠡᠬᠦ ᠪᠠᠨ ᠴᠢᠩᠭᠠᠳᠬᠠᠵᠤ ᠂ ᠳᠠᠭᠠᠳᠬᠠᠯ ᠳᠤ ᠳᠠᠭᠠᠣᠡᠬᠠᠭᠤᠯᠬᠤ ᠨᠢᠭᠡᠴᠢ ᠳᠤ ᠲᠦᠭᠰᠢᠭᠦᠷᠢ ᠶᠢᠨ ᠦᠨᠡᠯᠡᠯᠲᠡ ᠬᠢᠬᠦ ᠬᠡᠷᠡᠭᠲᠡᠢ ᠃ ᠡᠯ᠎ᠡ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠳᠠᠭᠠᠳᠬᠠᠯ ᠤᠨ ᠪᠠᠶᠢᠭᠤᠯᠤᠮᠵᠢ ᠶᠢᠨ ᠠᠵᠢᠯ ᠤᠨ ᠬᠢᠨ ᠱᠠᠭᠠᠷᠳᠠᠯᠭ᠎ᠠ ᠠᠴᠠ ᠪᠣᠯᠵᠤ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠪᠤᠶᠤ ᠢᠳᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠪᠠ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠣᠰᠣ ᠪᠠᠷ ᠬᠦᠷᠲᠡᠬᠦ ᠶᠢ ᠳᠡᠮᠵᠢᠵᠦ ᠂ ᠲᠦᠭᠰᠢᠭᠦᠷᠢ ᠶᠢᠨ ᠳ᠋ᠠᠶᠢᠲ᠋ᠠ ᠬᠥᠮᠥᠷᠭᠡ ᠶᠢ ᠲᠦᠷᠭᠡᠬᠡᠨ ᠪᠠᠶᠢᠭᠤᠯᠵᠤ ᠂ ᠠᠵᠢᠯ ᠲᠦᠷᠦᠯ ᠤᠨ ᠬᠤᠭᠤᠷᠣᠨᠳᠤ ᠪᠠᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠣᠳᠣᠯᠠᠬᠤ ᠬᠢᠷᠢ ᠲᠦᠪᠰᠢᠨ ᠪᠠ ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠪᠠᠶᠢᠴᠠᠭᠠᠨ ᠢᠯᠡᠷᠡᠭᠦᠯᠦᠭᠰᠡᠨ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠲᠣᠪᠣᠶᠢᠮ᠎ᠠ ᠠᠰᠠᠭᠤᠳᠠᠯ ᠤᠳ ᠢ ᠴᠠᠭ ᠲᠤᠬᠠᠢ ᠳᠤ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ ᠃      ︵ᠶᠢᠰᠦ ︶ ᠤᠬᠠᠭᠤᠯᠬᠤ ᠡᠷᠴᠢᠮ ᠢ ᠴᠢᠩᠭᠠᠳᠬᠠᠨ᠎ᠠ ᠃ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠴᠢᠬᠤᠯᠠ ᠠᠴᠢ ᠬᠤᠯᠪᠣᠭᠳᠠᠯ ᠂ ᠣᠷᠣᠨ ᠨᠤᠲᠤᠭ ᠤᠨ ᠲᠤᠷᠰᠢᠯᠭ᠎ᠠ ᠂ ᠨᠡᠶᠢᠲᠡᠯᠢᠭ ᠵᠢᠱᠢᠶ᠎ᠡ ᠨᠦᠭᠦᠳ ᠢ

        365赢多少钱会被限额_国内有真正的365平台吗_365bet博彩官网

        ᠥᠷᠭᠡᠨ ᠢᠶᠠᠷ ᠤᠬᠠᠭᠤᠯᠬᠤ ᠬᠡᠷᠡᠭᠲᠡᠢ ᠃ ᠳᠠᠭᠠᠳᠬᠠᠯ ᠳᠤ ᠳᠠᠭᠠᠣᠡᠬᠠᠭᠤᠯᠣᠭᠰᠠᠨ ᠨᠢᠭᠡᠴᠢ ᠤᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠢᠭᠡᠳᠦᠯᠲᠡᠢ ᠢᠯᠭᠠᠬᠤ ᠲᠡᠮᠳᠡᠭ ᠢ ᠵᠠᠷᠯᠠᠨ ᠨᠠᠭᠠᠬᠤ ᠂ ᠵᠡᠭᠦᠯᠲᠡ ᠲᠣᠳᠣᠷᠬᠠᠶᠢᠯᠠᠯᠲᠠ ᠬᠢᠬᠦ ᠪᠤᠶᠤ ᠡᠯᠭᠦᠬᠦ ᠶᠢ ᠳᠡᠮᠵᠢᠨ ᠂ ᠳᠠᠭᠠᠳᠬᠠᠯ ᠳᠤ ᠣᠷᠣᠯᠴᠠᠭᠰᠠᠳ ᠤᠨ ᠢᠯᠭᠠᠨ ᠲᠠᠨᠢᠭᠳᠠᠬᠤ ᠬᠡᠮᠵᠢᠶ᠎ᠡ ᠶᠢ ᠨᠡᠮᠡᠭᠳᠡᠭᠦᠯᠵᠦ ᠂ ᠳᠠᠭᠠᠳᠬᠠᠯ ᠳᠤ ᠳᠠᠭᠠᠣᠡᠬᠠᠭᠤᠯᠣᠭᠰᠠᠨ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠤᠳᠤᠷᠢᠳᠴᠤ ᠢᠲᠡᠭᠡᠮᠵᠢᠲᠦ ᠲᠡᠮᠳᠡᠭᠲᠦ ᠶᠢ ᠪᠣᠢ ᠪᠣᠯᠭᠠᠨ ᠂ ᠦᠨᠡᠨᠴᠢ ᠢᠲᠡᠭᠡᠮᠵᠢ ᠶᠢᠨ ᠰᠣᠶᠣᠯ  ᠢ ᠬᠥᠮᠥᠵᠢᠭᠦᠯᠬᠦ ᠬᠡᠷᠡᠭᠲᠡᠢ ᠃ ᠨᠡᠶᠢᠭᠡᠮ ᠤᠨ ᠬᠠᠷᠢᠭᠤᠴᠠᠯᠭ᠎ᠠ ᠡᠭᠦᠷᠭᠡ ᠪᠠᠨ ᠤᠬᠠᠮᠰᠠᠷ ᠠᠴᠠ ᠪᠠᠨ ᠡᠭᠦᠷᠭᠡᠯᠡᠭᠰᠡᠨ ᠂ ᠳᠠᠭᠠᠳᠬᠠᠯ ᠳᠤ ᠢᠳᠡᠪᠬᠢᠲᠡᠢ ᠳᠠᠭᠠᠣᠡᠬᠠᠭᠤᠯᠣᠭᠰᠠᠨ ᠨᠢᠭᠡ ᠪᠦᠯᠦᠭ ᠠᠵᠤ ᠠᠬᠤᠶᠢᠯᠠᠯ ᠤᠳ ᠣᠨᠴᠠᠭᠠᠶᠢᠯᠠᠨ ᠨᠡᠷ᠎ᠡ ᠨᠥᠯᠥᠭᠡ ᠲᠠᠢ ᠠᠵᠤ ᠠᠬᠤᠶᠢᠯᠠᠯ ᠤᠳ ᠢ ᠰᠠᠶᠢᠰᠢᠶᠠᠨ ᠬᠥᠬᠢᠭᠦᠯᠵᠦ ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ ᠃      ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ ᠂ ︽ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 49 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃                                                                   2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃ ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃                                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                    2022 ᠣᠨ ᠤ 12 ᠳ᠋ᠤᠭᠠᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ  
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ