内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠮᠠᠨ ᠤ ᠣᠷᠣᠨ ᠳᠤ ᠢᠷᠡᠵᠦ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠠᠵᠢᠯ ᠢ ᠵᠥᠪᠳᠡᠯᠴᠡᠪᠡ  ᠲᠠᠩ ᠷᠧᠨ ᠵᠢᠶᠠᠨ  ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ

        365赢多少钱会被限额_国内有真正的365平台吗_365bet博彩官网

        ᠨᠡᠶᠢᠲᠡᠯᠡᠭᠰᠡᠨ ᠴᠠᠭ᠄
        2023/3/31
              3 ᠰᠠᠷ᠎ᠠ ᠶᠢᠨ 30 ᠤ ᠡᠳᠦᠷ᠂ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠲᠠᠩ ᠷᠧᠨ ᠵᠢᠶᠠᠨ ᠬᠥᠬᠡᠬᠤᠲᠠ ᠳᠤ ᠰᠢᠷ᠎ᠠ ᠪᠤᠷᠴᠠᠭ ᠤᠨ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢ ᠵᠦᠪᠳᠡᠯᠴᠡᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠴᠤ᠂ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠲᠠᠩ ᠷᠧᠨ ᠵᠢᠶᠠᠨ ᠮᠠᠨ ᠤ ᠣᠷᠣᠨ ᠤ ᠰᠢᠷ᠎ᠠ ᠪᠤᠷᠴᠠᠭ ᠤᠨ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠤᠲᠠᠯᠠᠵᠤ ᠪᠠᠶᠢᠬᠤ ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠰᠢᠷ᠎ᠠ ᠪᠤᠷᠴᠠᠭ ᠤᠨ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠳᠣᠬᠠᠨ ᠳᠤ ᠳᠠᠷᠢᠬᠤ ᠲᠠᠯᠠᠪᠠᠶ ᠦᠨᠳᠦᠰᠦᠨ ᠳᠡᠭᠡᠨ ᠲᠣᠭᠲᠠᠭᠤᠨ ᠪᠠᠶᠢᠨ᠎ᠠ᠂ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠰᠢᠷ᠎ᠠ ᠪᠤᠷᠴᠠᠭ ᠳᠠᠷᠢᠬᠤ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ᠂ ᠲᠠᠷᠢᠶᠠᠴᠢᠳ ᠤᠨ ᠰᠢᠷ᠎ᠡ ᠪᠤᠷᠴᠠᠭ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃ ᠥᠨᠳᠥᠷ ᠤᠨᠠᠯᠲᠠ ᠲᠠᠢ ᠲᠣᠰᠣ ᠶᠡᠬᠡᠲᠡᠶ ᠰᠢᠷ᠎ᠠ ᠪᠤᠷᠴᠠᠭ ᠤᠨ ᠲᠥᠷᠥᠯ ᠵᠦᠢᠯ ᠢ ᠲᠦᠷᠭᠡᠳᠭᠡᠨ ᠰᠤᠳᠤᠯᠤᠨ ᠨᠡᠭᠡᠭᠡᠵᠦ ᠳᠡᠯᠭᠡᠷᠡᠭᠦᠯᠦᠨ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠠᠭᠠᠭᠠᠨ ᠪᠠᠲᠤᠯᠠᠬᠤ ᠪᠠ ᠮᠡᠷᠭᠡᠵᠢᠯ ᠤᠨ ᠲᠤᠰᠬᠠᠶ ᠮᠡᠷᠭᠡᠵᠢᠯᠲᠡᠳ ᠤᠨ ᠠᠵᠢᠯ ᠲᠦᠷᠦᠯ ᠢᠶᠠᠷ ᠢᠶᠠᠨ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠭᠠᠴᠠᠭ᠎ᠠ ᠶᠢ ᠲᠠᠭᠠᠭᠠᠴᠢᠯᠡᠨ ᠡᠷᠦᠭᠡ ᠶᠢ ᠬᠤᠯᠪᠤᠭᠠᠯᠠᠵᠤ ᠪᠠᠶᠢᠭᠠᠳ ᠲᠤᠬᠢᠷᠠᠮᠵᠢᠳᠠᠢ ᠲᠥᠷᠥᠯ ᠡᠬᠦᠯᠳᠡᠷ ᠤᠨ ᠮᠡᠷᠭᠡᠵᠢᠯ ᠢ ᠲᠠᠨᠢᠯᠴᠠᠭᠤᠯᠤᠨ ᠳᠡᠯᠭᠡᠷᠡᠬᠦᠯᠵᠤ᠂ ᠠᠲᠠᠷ ᠬᠠᠭᠠᠯᠪᠤᠷᠢᠯᠠᠯᠲᠠ ᠶᠢᠨ ᠰᠢᠰᠲ᠋ᠧᠮ ᠪᠣᠯᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠭᠡ ᠬᠡᠪᠴᠢᠶ᠎ᠡ ᠪᠠᠷ ᠥᠷᠨᠢᠭᠦᠯᠵᠦ᠂ ᠮᠡᠷᠭᠡᠵᠢᠯ ᠤᠨ ᠪᠦᠷᠬᠦᠴᠡ ᠶᠢᠨ ᠨᠣᠷᠮ᠎ᠠ ᠪᠣᠯᠤᠨ ᠪᠣᠳᠠᠲᠠᠶᠢᠵᠢᠭᠤᠯᠬᠤ ᠨᠣᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠦᠢᠯᠡᠳᠪᠦᠷᠢᠯᠡᠬᠦ ᠡᠳ᠋ᠰᠢᠭᠦᠯᠬᠦ

        365赢多少钱会被限额_国内有真正的365平台吗_365bet博彩官网

        ᠪᠣᠷᠣᠯᠠᠭᠤᠯᠬᠤ ᠶᠢ ᠵᠣᠯᠭᠠᠭᠤᠯᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠶᠡᠷᠦᠩᠬᠡᠶ ᠺᠣᠮᠫᠠᠨᠢ ᠵᠡᠷᠭᠡ ᠲᠥᠪ ᠤᠨ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠲᠠᠷᠢᠶᠠᠴᠢᠳ ᠢ ᠬᠠᠪᠰᠤᠷᠤᠨ ᠰᠢᠷ᠎ᠠ ᠪᠤᠷᠴᠠᠭ ᠢ ᠪᠣᠷᠣᠯᠠᠭᠤᠯᠵᠤ᠂ ᠰᠢᠷ᠎ᠡ ᠪᠤᠷᠴᠠᠭ ᠡᠳ᠋ᠰᠢᠭᠦᠯᠬᠦ ᠳᠠᠪᠠᠭᠤᠯᠢᠭ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠷᠤᠯᠲᠠ ᠶᠢᠨ ᠣᠷᠣᠨ ᠳᠤᠨᠢ ᠪᠠᠶᠢᠷᠢᠰᠢᠭᠤᠯᠵᠤ᠂ ᠡᠳ᠋ᠰᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠸᠠᠩ ᠯᠢ ᠰᠢᠶᠠ᠂ ᠥᠪᠥᠷ ᠮᠣᠩᠭᠤᠯ ᠪᠣᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠤᠨ᠎ᠠ᠂ ᠤᠯᠤᠰ ᠤᠨ ︽ᠠᠮᠤ ᠪᠤᠳᠠᠭᠠᠨ ᠤ ᠬᠥᠮᠥᠷᠭᠡ︾᠂ ︽ᠮᠢᠬᠠᠨ ᠤ ᠬᠥᠮᠥᠷᠭᠡ︾᠂ ︽ᠰᠦ ᠶᠢᠨ ᠬᠦᠨᠦᠭ︾ ᠪᠣᠯᠤᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤ ᠪᠤᠳᠠᠭ᠎ᠠ ᠵᠡᠷᠭᠡ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠰᠢᠷ᠎ᠠ ᠪᠤᠷᠴᠠᠭ᠂ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠵᠦ᠂ ︽ᠳᠤᠮᠳᠠᠳᠤ ᠤᠯᠤᠰ ᠤᠨ ᠠᠶᠠᠭ᠎ᠠ︾ ᠳᠤ ᠠᠮᠤ ᠪᠤᠳᠠᠭ᠎ᠠ ᠶᠢ ᠲᠦᠬᠦᠷᠡᠩ ᠰᠠᠪᠠᠯᠠᠵᠤ᠂ ᠰᠠᠶᠢᠨ ᠠᠮᠤ ᠪᠤᠳᠠᠭ᠎ᠠ ᠶᠢ ᠰᠠᠪᠠᠯᠠᠵᠤ᠂ ᠰᠦ ᠶᠢ ᠰᠠᠶᠢᠲᠤᠷ ᠰᠠᠪᠠᠯᠠᠵᠤ᠂ ᠴᠢᠨᠠᠷ ᠰᠠᠶᠢᠳᠠᠢ ᠮᠢᠬ᠎ᠠ ᠶᠢ ᠰᠠᠪᠠᠯᠠᠬᠤ ᠪᠠᠷ ᠴᠢᠷᠮᠠᠶᠢᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠶᠡᠭᠡ ᠣᠷᠣᠨ ᠢ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠬᠦᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠨ᠎ᠡ ᠭᠡᠵᠤ ᠬᠡᠯᠡᠪᠡ᠃      ᠲᠠᠩ ᠷᠧᠨ ᠵᠢᠶᠠᠨ ᠪᠠᠰᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠬᠦᠷᠴᠦ᠂ ᠰᠢᠷ᠎ᠠ ᠪᠤᠷᠴᠠᠭ ᠤᠨ ᠲᠥᠷᠥᠯ ᠡᠬᠦᠯᠳᠡᠷ ᠢ ᠪᠤᠶᠢᠵᠢᠭᠤᠯᠤᠨ ᠳᠡᠯᠭᠡᠷᠡᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠭᠧᠨ ᠤ ᠢᠨᠵᠧᠨᠧᠷᠢᠩ ᠵᠡᠷᠭᠡ ᠣᠲᠣ ᠦᠶ᠎ᠡ ᠶᠢᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠮᠡᠷᠭᠡᠵᠢᠯ ᠢ ᠳᠠᠪᠬᠤᠴᠠᠭᠤᠯᠤᠨ ᠬᠡᠷᠡᠭᠯᠡᠵᠦ᠂ ᠠᠳᠠᠯᠢ ᠪᠤᠰᠤ ᠣᠷᠣᠨ ᠪᠦᠰᠡ ᠳᠤ ᠳᠣᠭᠢᠷᠠᠬᠤ ᠥᠨᠳᠥᠷ ᠤᠨᠠᠯᠲᠠ ᠲᠠᠢ ᠲᠣᠰᠣ ᠶᠡᠭᠡᠳᠠᠢ ᠰᠢᠷ᠎ᠠ ᠪᠤᠷᠴᠠᠭ ᠤᠨ ᠲᠥᠷᠥᠯ ᠵᠦᠢᠯ ᠢ ᠲᠦᠷᠭᠡᠪᠴᠢᠯᠡᠨ ᠪᠤᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠳᠡᠳ᠋ ᠰᠠᠶᠢᠳ ᠵᠠᠩ ᠰᠢᠩ ᠸᠠᠩ᠂ ᠶᠡᠷᠦᠩᠬᠡᠶ ᠠᠵᠤ ᠠᠬᠤᠶᠢᠴᠢ ᠸᠧᠶ ᠪᠠᠶ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠠᠵᠢᠯᠯᠠᠭ᠎ᠠ ᠳᠤ ᠣᠷᠣᠯᠴᠠᠵᠠᠢ᠃ 
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ