3 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭ᠎ᠠ ᠠᠴᠠ ᠭᠤᠣᠯᠯᠠᠨ ᠡᠷᠬᠢᠯᠡᠭᠰᠡᠨ ︽ᠰᠢ ᠶᠢᠨ ᠫᠢᠩ ᠠᠷᠠᠳ ᠤᠨ ᠭᠡᠷ ᠲᠤ ᠬᠦᠷᠦᠭᠰᠡᠨ ᠨᠢ︾ ᠭᠡᠬᠦ ᠨᠤᠮ ᠢ ᠰᠤᠷᠤᠯᠴᠠᠨ ᠤᠬᠠᠭᠤᠯᠬᠤ | ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ | ᠶᠠᠷᠢᠯᠴᠠᠬᠤ ᠬᠤᠷᠠᠯ ᠬᠥᠷ ᠬᠥᠭᠵᠢᠶᠡᠨ ᠲᠠᠢ ᠶᠠᠪᠤᠭᠳᠠᠵᠤ᠂ 6 ᠲᠥᠯᠥᠭᠡᠯᠡᠭᠴᠢ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠳᠠᠯᠢ ᠪᠤᠰᠤ | ᠬᠠᠷᠠᠭᠠᠰᠤ ᠠᠴᠠ ᠨᠣᠮ ᠤᠩᠰᠢᠭᠰᠠᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠨᠣᠮ ᠤᠩᠰᠢᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ | ᠤᠯᠠᠨ ᠢᠶᠠᠷ ᠢᠶᠠᠨ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠬᠡᠷ ᠤᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠭᠡᠷ ᠪᠦᠯᠢ ᠬᠡᠷ ᠤᠨ ᠬᠥᠮᠦᠵᠢᠯ ᠭᠡᠷ ᠤᠨ ᠰᠤᠷᠲᠠᠯ ᠤᠨ | ᠪᠠᠶᠢᠭᠤᠯᠤᠯᠲᠠ ᠶᠢᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠬᠠᠭᠤᠯᠤᠨ ᠲᠤᠭᠤᠰᠢᠯᠠᠭᠤᠯᠵᠤ᠂ ︽ᠰᠢ ᠶᠢᠨ ᠫᠢᠩ ᠠᠷᠠᠳ ᠤᠨ ᠭᠡᠷ ᠲᠤ ᠬᠦᠷᠦᠭᠰᠡᠨ ᠨᠢ︾ | ᠬᠡᠬᠦ ᠨᠤᠮ ᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠣᠶᠢᠯᠠᠭᠠᠵᠤ᠂ ᠦᠨᠡᠨ ᠶᠣᠰᠣᠨ ᠤ | ᠦᠢᠯᠡᠳᠦᠯᠭᠡ ᠶᠢᠨ ᠠᠤᠭ᠎ᠠ ᠬᠦᠴᠦᠨ ᠢ ᠣᠶᠢᠯᠠᠭᠠᠵᠤ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠨᠠᠮ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ | ᠥᠪᠡᠷᠲᠡᠭᠡᠨ ᠵᠠᠰᠠᠬᠤ ᠣᠷᠣᠨ ᠤ ︽3 · 8︾ ᠤ ᠤᠯᠠᠭᠠᠨ ᠲᠤᠭᠴᠢ᠂ ᠬᠥᠬᠡᠬᠤᠲᠠ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠨᠡᠶᠢᠭᠡᠮᠯᠢᠭ ᠤᠨ ᠳᠠᠷᠤᠭ᠎ᠠ ᠸᠠᠩ ᠵᠢᠶᠠ ᠮᠢᠨ᠂ ᠤᠳᠤᠷᠢᠳᠤᠭᠴᠢ ᠶᠢᠨ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠭᠢᠯᠭᠡ ᠶᠢ ᠰᠤᠷᠤᠯᠴᠠᠵᠤ᠂ ᠨᠡᠩ ᠤᠯᠠᠨ ᠡᠮᠡᠭᠲᠡᠢ | ᠰᠠᠶᠢᠨ ᠲᠤᠷᠠᠴᠤᠳ ᠢ ᠳᠠᠭᠠᠭᠤᠯᠤᠨ ᠡᠮᠡᠭᠲᠡᠶᠢᠴᠦᠳ ᠡᠭᠡᠴᠢ ᠥᠬᠢᠨ ᠳᠡᠭᠦᠦ ᠨᠠᠷ ᠲᠠᠭᠠᠨ ᠦᠢᠯᠡᠴᠢᠯᠡᠵᠦ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠴᠤᠭ | ᠵᠢᠪᠬᠤᠭ᠎ᠠ ᠶᠢ ᠢᠯᠡᠷᠡᠭᠦᠯᠦᠨ᠎ᠡ ᠭᠡᠵᠦ ᠢᠯᠡᠳᠭᠡᠪᠡ᠃ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ | ᠶᠡᠷᠦᠩᠬᠡᠢ ᠨᠠᠶᠢᠷᠠᠭᠤᠯᠤᠭᠴᠢ ᠪᠠᠢ ᠴᠦᠨ᠂ ︽ᠰᠢ ᠶᠢᠨ ᠫᠢᠩ ᠠᠷᠠᠳ ᠤᠨ ᠭᠡᠷ ᠲᠤ ᠬᠦᠷᠦᠭᠰᠡᠨ ᠨᠢ︾ ᠭᠡᠬᠦ ᠨᠣᠮ ᠢ ᠭᠡᠷ ᠪᠦᠯᠢ ᠭᠡᠷ ᠤᠨ ᠬᠦᠮᠦᠵᠢᠯ ᠭᠡᠷ ᠤᠨ | ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠴᠢᠬᠤᠯᠠ ᠠᠴᠢᠶᠠᠯᠠᠪᠤᠷᠢ ᠪᠣᠯᠭᠠᠵᠤ᠂ ᠲᠠᠨᠢᠯᠲᠠ ᠶᠢᠨ ᠦᠨᠳᠦᠷᠴᠡ ᠪᠠᠨ ᠳᠡᠭᠡᠭᠰᠢᠯᠡᠭᠦᠯᠵᠦ᠂ ᠤᠬᠠᠭᠤᠯᠭ᠎ᠠ ᠢᠢᠨ | ᠭᠦᠨᠴᠡ ᠪᠠᠨ ᠳᠡᠭᠡᠭᠰᠢᠯᠡᠭᠦᠯᠵᠦ᠂ ᠮᠡᠳᠡᠭᠡᠯᠡᠯ ᠤᠨ ᠳᠤᠯᠠᠭᠠᠴᠠ ᠪᠠᠨ ᠳᠡᠭᠡᠭᠰᠢᠯᠡᠭᠦᠯᠵᠦ᠂ ᠶᠣᠰᠣ ᠰᠤᠷᠲᠠᠬᠤᠨ ᠢ ᠡᠷᠬᠢᠮᠯᠡᠨ ᠴᠠᠶᠢᠯᠭᠠᠨ ᠰᠡᠳᠭᠢᠯ ᠲᠠᠢ ᠶᠠᠪᠤᠬᠤ᠂ | ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠢᠯᠡᠳᠭᠡᠪᠡ᠃ | ᠬᠤᠷᠠᠯ ᠠᠴᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠨᠣᠮ ᠳᠤ ᠠᠭᠤᠯᠤᠭᠳᠠᠵᠤ ᠪᠠᠶᠢᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠤᠭ᠎ᠠ ᠬᠦᠴᠦᠨ ᠢ ᠭᠦᠨᠵᠡᠭᠡᠢ ᠣᠶᠢᠯᠠᠭᠠᠬᠤ ᠬᠡᠷᠡᠭᠲᠡᠢ︔ ᠬᠡᠷ ᠤᠨ ᠰᠤᠷᠲᠠᠯ | ᠬᠡᠷ ᠤᠨ ᠬᠦᠮᠦᠵᠢᠯ ᠢ ᠴᠢᠬᠤᠯᠠᠴᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠡᠷ ᠪᠦᠯᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ︔ ᠤᠬᠠᠭᠤᠯᠤᠨ ᠲᠠᠨᠢᠯᠴᠠᠭᠤᠯᠬᠤ ᠠᠵᠢᠯ ᠢ ᠰᠠᠶᠢᠲᠤᠷ ᠬᠢᠵᠦ᠂ ᠤᠬᠠᠭᠤᠯᠬᠤ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠳᠠᠪᠠᠭᠤᠯᠢᠭ ᠢ ᠪᠠᠳᠠᠷᠠᠭᠤᠯᠵᠤ᠂ | ᠤᠬᠠᠭᠤᠯᠤᠨ ᠲᠠᠷᠬᠠᠭᠠᠵᠤ ᠵᠠᠬᠢᠶᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠰᠢ ᠶᠢᠨ ᠫᠢᠩ ᠠᠷᠠᠳ ᠤᠨ ᠭᠡᠷ ᠲᠤ ᠬᠦᠷᠦᠭᠰᠡᠨ ᠨᠢ︾ ᠭᠡᠬᠦ ᠨᠣᠮ ᠢ | ᠡᠯ᠎ᠡ ᠱᠠᠲᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠨᠠᠮ ᠤᠨ ᠪᠠᠶᠢᠭᠤᠯᠤᠯᠲᠠ ᠶᠢᠨ ᠨᠣᠮ ᠤᠨ ᠦᠷᠦᠭᠡ᠂ ᠲᠠᠯ᠎ᠠ ᠨᠤᠲᠤᠭ ᠤᠨ | ᠨᠣᠮ ᠤᠨ ᠦᠷᠦᠭᠡ᠂ ᠠᠵᠢᠯᠳᠠᠨ ᠠᠵᠢᠯᠴᠢᠨ ᠤ ᠨᠣᠮ ᠤᠨ ᠦᠷᠦᠭᠡ᠂ ᠨᠡᠶᠢᠭᠡᠮ ᠲᠣᠭᠤᠷᠢᠭ ᠤᠨ ᠨᠣᠮ ᠤᠨ ᠦᠷᠦᠭᠡ ᠵᠡᠷᠭᠡ ᠳᠤ ᠣᠷᠣᠭᠤᠯᠬᠤ ᠶᠢ ᠠᠬᠢᠭᠤᠯᠵᠤ᠂ | ᠰᠤᠷᠤᠯᠴᠠᠯᠭ᠎ᠠ ᠤᠬᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠦᠬᠦ ᠣᠷᠣᠨ ᠤ ᠺᠠᠳ᠋ᠷ ᠤᠯᠠᠨ | ᠲᠦᠮᠡᠨ ᠢ ᠬᠦᠳᠦᠯᠥᠨ ᠳᠠᠭᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠬᠤ ᠬᠡᠷᠡᠭᠲᠡᠢ | ᠬᠡᠵᠥ ᠱᠠᠭᠠᠷᠳᠠᠪᠠ᠃ | 365赢多少钱会被限额_国内有真正的365平台吗_365bet博彩官网 |