3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠰᠢᠨ᠎ᠡ ᠡᠨᠧᠷᠭᠢ ᠶᠢᠨ | ᠲᠣᠨᠤᠭ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠮᠡᠷᠭᠡᠵᠢᠯ ᠤᠨ | ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ ︾ ᠠᠷᠭ᠎ᠠ ᠮᠠᠶ᠋ᠢᠭ ᠢᠶᠠᠷ ᠳᠠᠮᠵᠢᠭᠤᠯᠤᠨ ᠪᠥᠬᠦ ᠤᠯᠤᠰ ᠤᠨ | ᠬᠡᠪᠴᠢᠶᠡᠨ ᠳᠠᠬᠢ ᠳᠠᠪᠠᠭᠤᠯᠢᠭ ᠰᠢᠨ᠎ᠡ ᠶᠢ ᠡᠭᠦᠳᠬᠦ ᠡᠬᠢ ᠪᠠᠶᠠᠯᠢᠭ ᠢ ᠵᠣᠬᠢᠶᠠᠨ ᠪᠠᠶᠢᠭᠤᠯᠵᠤ ᠪᠠᠶᠢᠭᠠᠳ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠵᠤ ᠪᠠᠶᠢᠨ᠎ᠠ ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ ︾ ᠨᠡᠷᠡᠰ ᠤᠨ ᠵᠢᠭᠰᠠᠭᠠᠯᠲᠠ ᠳᠤ ︽ᠥᠷᠭᠡᠨ ᠬᠡᠪᠴᠢᠶᠡᠨ ᠤ | ᠴᠢᠳᠠᠮᠵᠢ ᠶᠢᠨ ᠬᠡᠯᠪᠡᠯᠵᠡᠯ ᠳᠤ ᠵᠣᠬᠢᠴᠠᠭᠰᠠᠨ ᠮᠢᠩᠭᠠᠨ ᠪᠠᠷᠢᠮᠵᠢᠶᠠᠲᠤ ᠳᠥᠷᠪᠡᠯᠵᠢᠨ ᠲᠠᠰ ᠤᠨ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠶᠯᠡᠳᠬᠦ | ᠵᠠᠩᠭᠢᠯᠠᠭ᠎ᠠ ᠶᠢᠨ ᠲᠣᠨᠤᠭ ᠲᠥᠬᠦᠭᠡᠷᠦᠮᠵᠢ ᠶᠢ ᠰᠤᠳᠤᠯᠤᠨ ᠦᠶᠯᠡᠳᠬᠦ ᠪᠠ ᠵᠢᠱᠢᠶ᠎ᠡ ᠦᠵᠡᠭᠦᠯᠬᠦ ᠬᠡᠷᠡᠭᠯᠡᠯᠲᠠ ︾ ︽ᠥᠨᠳᠥᠷ ᠪᠦᠲᠦᠮᠵᠢᠲᠡᠶ N ᠬᠡᠯᠪᠡᠷᠢ ᠶᠢᠨ ᠲᠠᠩ | ᠲᠠᠯᠠᠰᠲᠤ ᠴᠠᠬᠢᠭᠤᠷ ᠰᠠᠪᠠᠭ᠎ᠠ ᠴᠠᠬᠢᠭᠤᠷ ᠢᠯᠲᠠᠰᠤ ᠶᠢᠨ ᠦᠢᠯᠡᠳᠬᠦᠨ ᠤ ᠪᠥᠬᠦ ᠳᠠᠷᠠᠭᠠᠯᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠥᠪᠡᠷ ᠤᠨ ᠥᠷᠲᠡᠭ ᠢ | ᠪᠠᠭᠤᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠵᠢᠴᠢ ᠵᠢᠱᠢᠶ᠎ᠡ ᠦᠵᠡᠭᠦᠯᠬᠦ ᠬᠡᠷᠡᠭᠯᠡᠯᠲᠠ ︾ ᠵᠡᠷᠭᠡ 7 ᠲᠥᠷᠥᠯ ᠵᠦᠢᠯ ᠪᠠᠭᠲᠠᠵᠤ᠂ ᠡᠳ᠋ ᠤᠨ ᠵᠠᠰᠠᠭ ᠤᠨ | ᠲᠥᠰᠥᠪ ᠤᠨ ᠶᠡᠷᠦᠩᠬᠡᠢ ᠣᠷᠣᠭᠤᠯᠤᠯᠲᠠ ᠨᠢ 5500 ᠲᠦᠮᠡᠨ ᠲᠥᠭᠦᠷᠢᠭ ᠪᠠᠶᠢᠵᠤ᠂ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠬᠤᠭᠤᠴᠠᠭ᠎ᠠ ᠨᠢ 3 ᠵᠢᠯ ᠪᠣᠯᠣᠨ᠎ᠠ᠃ | ᠵᠠᠷᠯᠠᠯ ᠬᠦᠯᠢᠶᠡᠭᠰᠡᠨ ᠲᠠᠯ᠎ᠠ ᠶᠢᠨ ᠬᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠦ ᠪᠠᠶᠢᠭᠠᠳ ᠭᠤᠶᠤᠴᠢᠯᠠᠨ ᠮᠡᠳᠡᠭᠦᠯᠵᠦ ᠂ ᠨᠡᠷᠡᠰ ᠤᠨ | ᠵᠢᠭᠰᠠᠭᠠᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ ᠢ ᠳᠤᠷᠠᠳᠬᠤ ᠴᠢᠬᠤᠯᠠᠲᠠᠢ ᠪᠥᠭᠡᠳ | ᠵᠢᠱᠢᠭᠰᠡᠨ ᠬᠠᠷᠠᠯᠲᠠ ᠪᠠᠨ ᠪᠦᠬᠦᠨ ᠢ ᠪᠡᠶᠡᠯᠡᠭᠦᠯᠬᠦ ᠬᠡᠷᠡᠭᠲᠡᠢ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ | ᠢᠨᠵᠧᠨᠧᠷᠢᠩ ᠳᠤ ᠠᠬᠠᠯᠠᠬᠤ ᠰᠢᠨᠵᠢᠯᠡᠬᠦ ᠤᠬᠠᠭᠠᠨᠲᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠵᠠᠷᠯᠠᠯ ᠬᠦᠯᠢᠶᠡᠭᠰᠡᠨ ᠲᠠᠯ᠎ᠠ ᠨᠢ 1 ᠳᠠᠭᠠᠭᠤᠯᠤᠭᠴᠢ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠨ ᠢ ᠠᠬᠠᠯᠠᠬᠤ ᠰᠢᠨᠵᠢᠯᠡᠬᠦ ᠤᠬᠠᠭᠠᠨᠲᠠᠨ ᠢᠶᠠᠷ ᠲᠣᠭᠲᠠᠭᠠᠵᠤ᠂ ᠬᠡᠷᠡᠭᠵᠢᠭᠦᠯᠬᠦ ᠲᠥᠰᠥᠯ ᠢ ᠲᠦᠷᠦᠭᠦᠯᠡᠨ ᠲᠣᠭᠲᠠᠭᠠᠬᠤ ᠶᠢ | ᠬᠠᠷᠢᠭᠤᠴᠠᠭᠤᠯᠤᠨ᠎ᠠ ᠂ ᠲᠡᠷᠡ ᠨᠢ ᠪᠡᠯᠡ ᠮᠥᠩᠭᠦ ᠬᠤᠪᠢᠶᠠᠷᠢᠯᠠᠬᠤ ᠡᠷᠬᠡ ᠲᠠᠢ ᠪᠥᠭᠡᠳ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠤᠷᠤᠭᠰᠢᠲᠠᠢ | ᠬᠡᠷᠡᠭᠵᠢᠭᠦᠯᠦᠭᠳᠡᠬᠦ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ ᠃ ᠠᠳᠠᠯᠢ ᠪᠤᠰᠤ ᠮᠡᠷᠭᠡᠵᠢᠯ ᠤᠨ ᠴᠢᠭᠯᠡᠯ ᠳᠤ ᠬᠠᠨᠳᠤᠭᠤᠯᠤᠨ ︽ᠮᠣᠷᠢ ᠤᠷᠤᠯᠳᠤᠭᠤᠯᠬᠤ | ᠬᠡᠯᠪᠡᠷᠢ ︾ ᠶᠢᠨ ᠠᠷᠭ᠎ᠠ ᠮᠠᠶ᠋ᠢᠭ ᠢᠶᠠᠷ ᠣᠯᠠᠨ ᠰᠠᠯᠠᠭ᠎ᠠ ᠰᠤᠳᠤᠯᠤᠨ ᠬᠥᠭᠵᠢᠭᠦᠯᠬᠦ ᠪᠦᠯᠬᠦᠮ ᠨᠡᠶᠢᠲᠡ ᠤᠳ ᠤᠨ ᠵᠡᠷᠭᠡ ᠪᠠᠷ ᠪᠡᠷᠬᠡ ᠰᠡᠳᠤᠪ ᠢ ᠰᠢᠢᠳᠪᠦᠷᠢᠯᠡᠬᠦ ᠶᠢ | ᠳᠡᠮᠵᠢᠨ᠎ᠡ ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠵᠠᠷᠯᠠᠯ ᠬᠦᠯᠢᠶᠡᠵᠦ ᠬᠤᠰᠢᠭᠤᠷᠠᠨ | ᠠᠵᠢᠯᠯᠠᠬᠤ ︾ ᠲᠥᠷᠥᠯ ᠵᠦᠢᠯ ᠤᠨ ᠪᠡᠯᠡ ᠮᠥᠩᠭᠦ ᠶᠢ ᠵᠠᠷᠯᠠᠯ ᠬᠦᠯᠢᠶᠡᠭᠰᠡᠨ ᠲᠠᠯ᠎ᠠ ᠶᠢᠨ ᠠᠵᠤ ᠠᠬᠤᠶᠢᠯᠠᠯ ᠪᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠪᠡᠯᠡ ᠮᠥᠩᠭᠦ ᠠᠴᠠ ᠬᠠᠮᠲᠤ ᠪᠠᠷ ᠭᠠᠷᠭᠠᠵᠤ ᠂ ᠵᠢᠱᠢᠶ᠎ᠡ ᠦᠵᠡᠭᠦᠯᠬᠦ ᠢᠨᠵᠧᠨᠧᠷᠢᠩ ᠤᠨ ᠭᠤᠣᠯᠳᠠᠯᠭ᠎ᠠ ᠲᠠᠢ ᠦᠢᠯᠡᠳᠬᠦᠨ ᠪᠠ ᠴᠢᠬᠤᠯᠠ ᠶᠡᠭᠡ ᠦᠷ᠎ᠡ | ᠪᠦᠲᠦᠭᠡᠯ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠠᠬᠢᠭᠤᠯᠤᠨ᠎ᠠ᠃ ᠵᠠᠷᠴᠢᠮ ᠳᠡᠭᠡᠷ᠎ᠡ ᠪᠠᠨ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ | ᠬᠢᠭᠡᠳ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠬᠠᠷᠢᠴᠠᠯ ᠢ 2:1 ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠡᠳ᠋ ᠤᠨ | ᠵᠠᠰᠠᠭ ᠤᠨ ᠳᠡᠮᠵᠢᠯᠭᠡ ᠶᠢᠨ ᠵᠠᠷᠤᠳᠠᠯ ᠢ ᠬᠤᠶᠠᠷ ᠵᠢᠯ ᠬᠤᠪᠢᠶᠠᠨ ᠡᠷᠭᠢᠯᠳᠦᠭᠦᠯᠦᠨ ᠳᠡᠮᠵᠢᠨ᠎ᠡ᠃ ᠣᠷᠣᠨ ᠨᠤᠲᠤᠭ ᠤᠨ ᠪᠡᠯᠡ ᠮᠦᠩᠬᠦᠨ ᠤ ᠢᠵᠢ ᠪᠦᠷᠢᠨ ᠲᠥᠷᠥ ᠶᠢᠨ | ᠪᠣᠳᠣᠯᠭ᠎ᠠ ᠲᠠᠢ ᠵᠠᠷᠯᠠᠯ ᠬᠦᠯᠢᠶᠡᠭᠰᠡᠨ ᠲᠠᠯ᠎ᠠ ᠶᠢ ᠤᠷᠢᠳ ᠢᠶᠠᠷ ᠳᠡᠮᠵᠢᠵᠦ᠂ ᠠᠶᠢᠮᠠᠭ ᠬᠤᠲᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠯᠤᠭ᠎ᠠ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ | ᠬᠠᠮᠲᠤ ᠪᠠᠷ ᠠᠬᠢᠭᠤᠯᠤᠨ᠎ᠠ᠃ | |