内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠵᠤ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠡᠷᠡᠭᠲᠡᠢ
        ᠨᠡᠶᠢᠲᠡᠯᠡᠭᠰᠡᠨ ᠴᠠᠭ᠄
        2023/4/4
              ᠯᠢ ᠴᠢᠶᠠᠩ  ᠵᠤᠤ ᠯᠧ ᠵᠢᠢ  ᠸᠠᠩ ᠬᠤ᠋ ᠨᠢᠩ  ᠳ᠋ᠢᠩ ᠰᠢᠤᠸᠠᠢ ᠰᠢᠶᠠᠩ  ᠯᠢ ᠰᠢ  ᠬᠠᠨ ᠵᠧᠩ ᠬᠤᠷᠠᠯ ᠳᠤ ᠣᠷᠣᠯᠴᠠᠵᠤ  ᠼᠠᠢ ᠴᠢ ᠶᠠᠷᠢᠶ᠎ᠠ ᠲᠠᠯᠪᠢᠵᠠᠢ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ 3 ᠤ ᠡᠳᠦᠷ ᠪᠡᠭᠡᠵᠢᠩ ᠳᠤ ᠬᠤᠷᠠᠯᠳᠤᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠬᠥᠮᠥᠰ ᠢ ᠵᠣᠷᠢᠭᠵᠢᠭᠤᠯᠵᠤ ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠤᠨ᠎ᠠ ᠂ ᠮᠠᠨ ᠤ ᠡᠨᠡ ᠦᠶ᠎ᠡ ᠶᠢᠨ ᠡᠪ ᠬᠠᠮᠲᠤᠴᠤᠳ ᠤᠨ ᠡᠭᠦᠷᠭᠡ ᠥᠩᠭᠡ ᠭᠡᠷᠡᠯᠲᠡᠢ ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ ᠃ ᠪᠢᠳᠡ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ ᠂ ᠪᠦᠭᠦ ᠨᠠᠮ ᠤᠨ ᠮᠠᠷᠺᠰ ᠤᠨ ᠦᠵᠡᠯ ᠤᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ ᠂ ᠨᠠᠮ ᠤᠨ ᠲᠦᠷᠦ ᠪᠠᠷᠢᠬᠤ ᠴᠢᠳᠠᠪᠤᠷᠢ ᠪᠣᠯᠣᠨ ᠤᠳᠤᠷᠢᠳᠬᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ ᠂ ᠡᠷᠡᠮᠡᠬᠡᠶᠢᠯᠡᠨ ᠤᠷᠤᠭᠰᠢᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ ᠃

        W020230404305367132425.jpg

              4 ᠰᠠᠷ᠎ᠠ ᠶᠢᠨ 3 ᠤ ᠡᠳᠦᠷ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ

        ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ

        ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ

        ᠶᠠᠷᠢᠶ᠎ᠠ ᠲᠠᠯᠪᠢᠪᠠ ᠃

              ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠵᠢᠦᠢ ᠫᠧᠩ  ᠰᠡᠭᠦᠳᠡᠷᠯᠡᠪᠡ

              ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠳ᠋ᠢᠩ

        ᠰᠢᠤᠸᠠᠢ ᠰᠢᠶᠠᠩ ᠂ ᠯᠢ ᠰᠢ ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ ᠳᠤ ᠣᠷᠣᠯᠴᠠᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ

        ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

        ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠠᠢ ᠴᠢ ᠳ᠋ᠦᠩᠨᠡᠯᠲᠡ ᠶᠢᠨ

        ᠶᠠᠷᠢᠶ᠎ᠠ ᠲᠠᠯᠪᠢᠪᠠ ᠃

              ᠰᠢ ᠶᠢᠨ ᠫᠢᠩ ᠂ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠣᠯᠭᠠᠨ ᠪᠦᠭᠦ ᠨᠠᠮ ᠳᠤ ᠰᠢᠨ᠎ᠡ ᠴᠠᠭ ᠦᠶ᠎ᠡ ᠶᠢᠨ

        ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ

        ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ ᠂ 

        ᠪᠦᠭᠦ ᠨᠠᠮ ᠤᠨ ᠦᠵᠡᠯ ᠰᠠᠨᠠᠭ᠎ᠠ ᠶᠢ ᠨᠢᠭᠡᠳᠬᠡᠬᠦ ᠂ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠂ ᠨᠠᠮ ᠪᠣᠯᠣᠨ ᠠᠷᠠᠳ

        ᠣᠯᠠᠨ ᠤ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠬᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ

        ᠬᠤᠯᠪᠣᠭᠳᠠᠯ ᠲᠠᠢ ᠶᠤᠮ ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

        365赢多少钱会被限额_国内有真正的365平台吗_365bet博彩官网

        ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ ᠂ ᠨᠠᠮ ᠤᠨ ᠭᠡᠰᠢᠭᠦᠨ ᠂ ᠺᠠᠳ᠋ᠷ ᠢ

        ᠬᠥᠮᠥᠵᠢᠭᠦᠯᠦᠨ ᠵᠢᠯᠤᠭᠤᠳᠴᠤ ᠦᠵᠡᠯ ᠰᠠᠨᠠᠭᠠᠨ ᠤ ᠰᠠᠭᠤᠷᠢ ᠶᠢ ᠵᠠᠰᠠᠨ ᠡᠬᠢ ᠶᠢ ᠴᠡᠭᠴᠡᠯᠡᠵᠦ ᠂ ᠰᠠᠭᠤᠷᠢ ᠶᠢ ᠪᠠᠬᠢᠵᠢᠭᠦᠯᠦᠨ ᠦᠨᠳᠦᠰᠦ ᠶᠢ ᠪᠠᠲᠤᠳᠬᠠᠵᠤ ᠂ ᠤᠯᠤᠰ

        ᠲᠥᠷᠥ ᠶᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠲᠠᠰᠤᠷᠠᠯᠳᠠ ᠦᠭᠡᠢ

        ᠳᠡᠭᠡᠭᠰᠢᠯᠡᠭᠦᠯᠵᠤ ᠂ ︽ᠳᠥᠷᠪᠡᠨ ᠤᠬᠠᠮᠰᠠᠷ ︾  ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾  ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾  ᠶᠢ

        ᠪᠡᠶᠡᠯᠡᠭᠦᠯᠵᠦ ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ

        ᠪᠠᠶᠢᠵᠤ ᠂ ᠰᠡᠳᠬᠢᠯ ᠨᠢᠭᠡᠳᠦᠨ ᠂ ᠬᠦᠴᠦ ᠪᠠᠨ ᠬᠠᠮᠲᠤᠳᠬᠠᠬᠤ ᠶᠢ ᠪᠡᠶᠡᠯᠡᠭᠦᠯᠵᠦ ᠂ ᠬᠠᠮᠲᠤ ᠪᠠᠷ ᠨᠠᠮ ᠢ ᠬᠠᠨᠳᠤᠭᠰᠠᠨ ᠵᠦᠭ ᠲᠤ ᠳᠡᠶᠢᠯᠦᠭᠳᠡᠰᠢ ᠦᠭᠡᠢ ᠂ 

        ᠪᠠᠶᠢᠯᠳᠤᠭᠰᠠᠨ ᠵᠦᠭ ᠲᠤ ᠢᠯᠠᠭᠳᠠᠰᠢ ᠦᠭᠡᠢ ᠪᠣᠯᠣᠳ ᠲᠡᠮᠦᠷ ᠪᠣᠯᠭᠠᠨ ᠳᠠᠪᠲᠠᠨ ᠪᠤᠯᠪᠠᠰᠤᠷᠠᠭᠤᠯᠬᠤ ᠬᠡᠷᠡᠭᠲᠡᠢ ᠃ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢ

        ᠬᠥᠮᠥᠵᠢᠭᠦᠯᠦᠨ ᠵᠢᠯᠤᠭᠤᠳᠴᠤ ᠦᠵᠡᠯ ᠰᠠᠨᠠᠭ᠎ᠠ ᠶᠢ ᠰᠤᠷᠤᠯᠴᠠᠭᠤᠯᠵᠤ ᠂ ᠦᠢᠯᠡ ᠠᠵᠢᠯᠯᠠᠭ᠎ᠠ ᠳᠤᠨᠢ ᠢᠯᠡᠷᠡᠭᠦᠯᠵᠦ ᠂ ᠵᠥᠪ ᠡᠷᠬᠡ ᠶᠢᠨ ᠦᠵᠡᠯᠲᠡ ᠂ ᠵᠠᠰᠠᠭ ᠤᠨ

        ᠠᠵᠢᠯ ᠤᠨ ᠪᠦᠲᠦᠮᠵᠢ ᠶᠢᠨ ᠦᠵᠡᠯᠲᠡ ᠂ ᠠᠵᠢᠯ ᠦᠢᠯᠡᠰ ᠤᠨ ᠦᠵᠡᠯᠲᠡ ᠶᠢ ᠪᠤᠢ ᠪᠤᠯᠭᠠᠵᠤ ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢ ᠨᠢ

        ᠴᠢᠩᠭᠠᠳᠬᠠᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠂ ᠠᠶᠤᠯ ᠲᠦᠭᠰᠢᠭᠦᠷᠢ ᠶᠢ ᠰᠡᠷᠭᠡᠶᠢᠯᠡᠨ

        ᠠᠷᠢᠯᠭᠠᠬᠤ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ ᠴᠢᠳᠠᠪᠤᠷᠢ ᠶᠢ ᠨᠢ ᠬᠥᠮᠥᠵᠢᠭᠦᠯᠬᠦ ᠶᠢ

        365赢多少钱会被限额_国内有真正的365平台吗_365bet博彩官网

        ᠴᠢᠩᠭᠠᠳᠬᠠᠵᠤ ᠂ ᠵᠣᠷᠢᠭᠲᠠᠢ ᠪᠠᠷ ᠵᠢᠳᠬᠦᠵᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠣᠷᠢᠭ ᠢ ᠨᠢ ᠪᠠᠳᠠᠷᠠᠭᠤᠯᠬᠤ ᠬᠡᠷᠡᠭᠲᠡᠢ ᠃ ᠡᠯ᠎ᠡ

        ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠠᠰᠠᠭᠤᠳᠠᠯ ᠢᠶᠠᠷ

        ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ ᠂ ᠵᠥᠷᠢᠶ᠎ᠡ ᠪᠠᠨ ᠡᠷᠢᠵᠦ ᠂ ᠴᠢᠭᠯᠡᠯ ᠢᠶᠠᠨ ᠲᠣᠳᠣᠷᠬᠠᠶᠢᠯᠠᠵᠤ ᠂ ᠤᠯᠤᠰ

        ᠲᠦᠷᠦ ᠶᠢᠨ ᠪᠠᠶᠢᠴᠠᠭᠠᠯᠲᠠ ᠶᠢ ᠬᠦᠯᠢᠶᠡᠵᠦ ᠂ ᠤᠯᠤᠰ ᠲᠦᠷᠦ ᠶᠢᠨ ᠲᠣᠭᠤᠰᠣ ᠲᠣᠷᠳᠤᠭ ᠢᠶᠠᠨ ᠴᠡᠪᠡᠷᠯᠡᠵᠦ ᠂ ᠦᠢᠯᠡ ᠠᠵᠢᠯᠯᠠᠭ᠎ᠠ ᠶᠢᠨ ᠬᠡᠯᠪᠡᠷᠢᠯ ᠵᠥᠷᠢᠶ᠎ᠡ ᠪᠠᠨ

        ᠵᠠᠯᠠᠷᠠᠭᠤᠯᠵᠤ ᠂ ᠦᠵᠡᠯ ᠰᠠᠨᠠᠭ᠎ᠠ ᠴᠡᠪᠡᠷ ᠪᠤᠰᠤ ᠂ ᠵᠣᠬᠢᠶᠠᠨ ᠪᠠᠶᠢᠭᠤᠯᠤᠯᠲᠠ ᠴᠡᠪᠡᠷ ᠪᠤᠰᠤ ᠪᠠᠶᠢᠬᠤ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ

        ᠰᠢᠢᠳᠪᠦᠷᠢᠯᠡᠵᠦ ᠂ ᠨᠠᠮ ᠤᠨ ᠥᠪᠡᠷ ᠢ ᠪᠠᠨ ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠳᠡᠭᠡᠭᠰᠢᠯᠡᠭᠦᠯᠭᠦ

        ᠴᠢᠳᠠᠪᠤᠷᠢ ᠶᠢ ᠳᠠᠰᠤᠷᠠᠯᠳᠠ ᠦᠭᠡᠢ ᠴᠢᠩᠭᠠᠳᠬᠠᠵᠤ ᠂ ᠮᠠᠨ ᠤ ᠨᠠᠮ ᠢᠶᠠᠨ ᠢᠮᠠᠭᠲᠠ ᠥᠷᠨᠢᠭᠦᠨ ᠠᠮᠢᠵᠢᠷᠠᠯ ᠤᠨ ᠬᠦᠴᠦᠨ ᠪᠣᠯᠣᠨ ᠪᠠᠳᠠᠷᠠᠩᠭᠤᠢ ᠴᠤᠭ ᠵᠢᠪᠬᠤᠭ᠎ᠠ ᠲᠠᠢ

        ᠪᠤᠯᠭᠠᠵᠤ ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠭᠠᠬᠤ ᠬᠡᠷᠡᠭᠲᠡᠢ

        ᠭᠡᠵᠦ ᠵᠢᠭᠠᠵᠤ ᠭᠠᠷᠭᠠᠵᠠᠢ ᠃

        2.jpg

              ᠰᠢ ᠶᠢᠨ ᠫᠢᠩ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ ︽ ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ 

        ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ

        ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠣᠶᠢᠯᠠᠭᠠᠵᠤ ᠂ ᠡᠨᠡ ᠬᠦ ᠦᠵᠡᠯ ᠰᠠᠨᠠᠭ᠎ᠠ ᠶᠢᠨ ᠦᠨᠳᠦᠰᠦᠨ

        ᠦᠵᠡᠯᠲᠡ ᠂ ᠰᠢᠨᠵᠢᠯᠡᠬᠦ ᠤᠬᠠᠭᠠᠨᠴᠢ ᠰᠢᠰᠲ᠋ᠧᠮ ᠢ ᠪᠦᠭᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ ᠂ ᠡᠨᠡ ᠬᠦ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠂ 

        ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ ᠂

         ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠲᠤᠬᠠᠢ ᠤᠯᠤᠰ ᠲᠦᠷᠦ ᠶᠢᠨ ᠬᠠᠮᠲᠤ ᠶᠢᠨ ᠲᠠᠨᠢᠯᠲᠠ ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠂ ᠤᠨᠤᠯ ᠤᠨ

        ᠬᠠᠮᠲᠤ ᠶᠢᠨ ᠲᠠᠨᠢᠯᠲᠠ ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠨᠡᠮᠡᠭᠳᠡᠭᠦᠯᠵᠦ ᠂ ᠮᠠᠷᠺᠰ ᠤᠨ ᠦᠵᠡᠯ ᠤᠨ ᠵᠢᠩᠬᠢᠨᠢ ᠡᠷᠳᠡᠮ ᠢ

        ᠦᠨᠡᠨ ᠬᠦ ᠰᠠᠶᠢᠲᠤᠷ ᠰᠤᠷᠴᠤ ᠡᠵᠡᠮᠰᠢᠨ ᠂ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

        ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠵᠢᠯᠣᠭᠤᠳᠤᠭᠤᠯᠬᠤ ᠬᠡᠷᠡᠭᠲᠡᠢ ᠃ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

        ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠡᠶᠡᠴᠢ ᠶᠢᠷᠲᠢᠨᠴᠦ ᠪᠠᠨ ᠥᠭᠡᠷᠡᠴᠢᠯᠡᠵᠦ ᠂ ᠡᠨᠡ ᠬᠦ ᠦᠵᠡᠯ ᠰᠠᠨᠠᠭ᠎ᠠ ᠶᠢᠨ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ ᠂

         ᠦᠵᠡᠯ ᠰᠠᠨᠠᠭ᠎ᠠ ᠶᠢᠨ ᠠᠬᠤᠢ ᠲᠦᠪᠰᠢᠨ ᠢᠶᠠᠨ ᠳᠡᠭᠡᠭᠰᠢᠯᠡᠭᠦᠯᠭᠦ ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠵᠡᠷᠭᠡ ᠠᠯᠢ ᠤᠯᠠᠨ ᠱᠠᠭᠠᠷᠳᠠᠯᠭ᠎ᠠ ᠶᠢ

        ᠭᠦᠨᠵᠡᠭᠡᠢ ᠣᠶᠢᠯᠠᠭᠠᠵᠤ ᠂ ᠡᠪ ᠬᠠᠮᠲᠤᠴᠤᠳ ᠤᠨ ᠤᠯᠤᠰ ᠲᠦᠷᠦ ᠶᠢᠨ ᠣᠣᠷ ᠴᠢᠨᠠᠷ ᠢᠶᠠᠨ ᠢᠮᠠᠭᠲᠠ ᠪᠠᠲᠤᠯᠠᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ

        ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠂ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠂ 

        ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠡᠷᠡᠭᠯᠡᠵᠦ ᠂ ᠴᠠᠭ ᠦᠶ᠎ᠡ ᠶᠢ ᠠᠵᠢᠭᠯᠠᠬᠤ ᠂ ᠴᠠᠭ ᠦᠶ᠎ᠡ ᠶᠢ ᠡᠵᠡᠮᠳᠡᠬᠦ ᠂ ᠴᠠᠭ ᠦᠶ᠎ᠡ ᠶᠢ ᠬᠥᠲᠥᠯᠥᠨ

        ᠳᠠᠭᠠᠭᠤᠯᠬᠤ ᠳᠤ ᠬᠡᠷᠡᠭᠯᠡᠵᠦ ᠂ ᠢᠳᠡᠪᠬᠢᠲᠡᠢ ᠪᠠᠷ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠵᠤ ᠬᠤᠪᠢᠷᠠᠯᠲᠠ ᠶᠢ ᠡᠷᠢᠯᠬᠢᠯᠡᠵᠦ ᠂ ᠠᠵᠤ ᠠᠬᠤᠢ

        ᠨᠡᠶᠢᠭᠡᠮ ᠤᠨ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠵᠥᠷᠢᠴᠡᠯ ᠠᠰᠠᠭᠤᠳᠠᠯ ᠢ ᠰᠢᠢᠳᠪᠦᠷᠢᠯᠡᠵᠦ ᠂ ᠬᠦᠨᠳᠦ ᠶᠡᠭᠡ

        ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠬᠢᠴᠠ ᠰᠢᠨ᠎ᠡ ᠰᠢᠪᠲᠤᠯᠤᠯᠲᠠ ᠲᠠᠢ

        ᠪᠤᠯᠬᠤ ᠶᠢ ᠠᠬᠢᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠡᠷᠡᠮᠡᠬᠡᠶᠢᠯᠡᠨ

        ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠣᠯᠵᠤ ᠂ ᠲᠡᠭᠦᠨ ᠳᠤ ᠠᠭᠤᠯᠤᠭᠳᠠᠵᠤ ᠪᠠᠶᠢᠭ᠎ᠠ ᠤᠳᠤᠷᠢᠳᠬᠤ ᠠᠷᠭ᠎ᠠ ᠂ ᠰᠡᠳᠭᠢᠭᠦ ᠠᠷᠭ᠎ᠠ ᠂ ᠠᠵᠢᠯᠯᠠᠬᠤ

        ᠠᠷᠭ᠎ᠠ ᠶᠢ ᠪᠣᠯᠪᠠᠰᠤᠷᠠᠩᠭᠤᠢ ᠡᠵᠡᠮᠰᠢᠵᠦ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠂ 

        ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠳᠬᠤᠵᠤ ᠂ ᠠᠵᠢᠯ ᠤᠨ

        ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ ᠪᠣᠳᠠᠲᠤ ᠠᠮᠵᠢᠯᠲᠠ ᠪᠦᠳᠦᠮᠵᠢ ᠶᠢ

        ᠴᠢᠷᠮᠠᠶᠢᠨ ᠡᠭᠦᠳᠭᠦ ᠬᠡᠷᠡᠭᠲᠡᠢ ᠭᠡᠵᠦ ᠴᠢᠬᠤᠯᠠᠴᠢᠯᠠᠪᠠ ᠃

        3.jpg

              ᠰᠢ ᠶᠢᠨ ᠫᠢᠩ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠦᠨᠳᠦᠰᠦᠨ ᠡᠭᠦᠷᠭᠡ ᠪᠣᠯ ᠰᠤᠷᠤᠯᠴᠠᠬᠤ ᠰᠡᠳᠭᠢᠭᠦ ᠬᠡᠷᠡᠭᠯᠡᠬᠦ ᠶᠢ

        ᠤᠶᠠᠯᠳᠤᠭᠤᠯᠬᠤ ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

        ᠦᠵᠡᠯ ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠣᠯᠣᠨ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ

        ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ ᠂ ᠪᠦᠭᠦ ᠨᠠᠮ ᠢ ᠢᠮᠠᠭᠲᠠ ᠨᠢᠭᠡᠳᠦᠯᠲᠡᠢ ᠦᠵᠡᠯ ᠰᠠᠨᠠᠭ᠎ᠠ ᠂ ᠡᠷᠡᠰ ᠪᠠᠲᠤ ᠵᠣᠷᠢᠭ ᠰᠠᠨᠠᠭ᠎ᠠ ᠂ 

        ᠵᠣᠬᠢᠴᠠᠩᠭᠤᠢ ᠠᠵᠢᠯᠯᠠᠭ᠎ᠠ ᠂ ᠬᠦᠴᠦᠷᠬᠡᠭ ᠶᠡᠭᠡ ᠲᠠᠶᠢᠴᠢᠨ ᠬᠦᠴᠦᠨ ᠲᠠᠢ ᠪᠠᠶᠢᠯᠭᠠᠵᠤ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ

        ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ

        ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠶᠠᠪᠤᠳᠠᠯ ᠪᠣᠯᠣᠨ᠎ᠠ ᠃ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠦᠨᠳᠦᠰᠦ ᠪᠠᠨ ᠪᠠᠬᠢᠵᠢᠭᠦᠯᠵᠦ ᠂ 

        ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠦᠵᠡᠯ ᠰᠠᠨᠠᠭᠠᠨ ᠤ ᠳᠠᠪᠲᠠᠯᠲᠠ ᠂ ᠤᠶᠤᠨ ᠰᠠᠨᠠᠭᠠᠨ ᠤ ᠠᠷᠢᠭᠤᠰᠬᠠᠯ ᠢ ᠥᠩᠭᠡᠷᠡᠭᠡᠵᠦ ᠂

         ᠮᠠᠷᠺᠰ ᠤᠨ ᠦᠵᠡᠯ ᠤᠨ ᠢᠲᠡᠭᠡᠯ ᠪᠢᠰᠢᠷᠡᠯ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠢᠲᠡᠭᠡᠯ ᠬᠦᠰᠡᠯᠡᠩ ᠂ ᠳᠤᠮᠳᠠᠳᠤ ᠶᠢᠨ ᠦᠨᠳᠦᠰᠦᠲᠡᠨ ᠤ

        ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠢᠲᠡᠭᠡᠯ ᠵᠣᠷᠢᠭ ᠢ ᠪᠠᠲᠤᠳᠬᠠᠵᠤ ᠂ ᠠᠭᠤᠤ ᠶᠡᠭᠡ ᠨᠠᠮ ᠪᠠᠶᠢᠭᠤᠯᠬᠤ ᠵᠣᠷᠢᠭ

        ᠰᠠᠨᠠᠭ᠎ᠠ ᠶᠢ ᠪᠠᠳᠠᠷᠠᠭᠤᠯᠵᠤ ᠂ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠡᠷᠬᠡᠪᠰᠢ ᠳᠠᠷᠤᠤ ᠬᠢᠴᠢᠶᠡᠩᠭᠦᠢ

        ᠪᠠᠶᠢᠵᠤ ᠂ ᠲᠡᠰᠪᠦᠷᠢ ᠬᠠᠲᠠᠭᠤᠵᠢᠯᠲᠠᠢ ᠲᠡᠮᠡᠴᠡᠵᠦ ᠂ ᠡᠷᠬᠡᠪᠰᠢ ᠵᠣᠷᠢᠭᠲᠠᠢ ᠲᠡᠮᠡᠴᠡᠵᠦ ᠂ ᠴᠢᠳᠠᠮᠠᠭᠠᠢ ᠪᠠᠷ ᠲᠡᠮᠡᠴᠡᠵᠦ ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ ᠂

         ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ ᠃ ᠵᠠᠩ ᠴᠢᠨᠠᠷ ᠢᠶᠠᠨ ᠳᠠᠪᠲᠠᠨ

        ᠪᠤᠯᠪᠠᠰᠤᠷᠠᠭᠤᠯᠵᠤ ᠦᠨᠡᠨᠴᠢ ᠰᠢᠳᠤᠷᠭᠤ ᠪᠠᠶᠢᠬᠤ ᠪᠠᠨ ᠴᠢᠩᠭᠠᠳᠬᠠᠵᠤ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠤᠯᠤᠰ

        ᠲᠦᠷᠦ ᠶᠢᠨ ᠵᠠᠩ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ ᠂ ᠨᠠᠮ ᠤᠨ ᠲᠤᠭ ᠢᠶᠠᠷ ᠲᠤᠭ ᠪᠤᠯᠭᠠᠵᠤ ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠪᠤᠯᠭᠠᠵᠤ ᠂

         ᠨᠠᠮ ᠤᠨ ᠡᠭᠦᠷᠭᠡ ᠬᠠᠷᠢᠭᠤᠴᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠵᠤ ᠂ ᠢᠮᠠᠭᠲᠠ ᠨᠠᠮ ᠳᠠᠭᠠᠨ ᠦᠨᠡᠨᠴᠢ ᠰᠢᠳᠤᠷᠭᠤ ᠂ ᠠᠷᠠᠳ ᠲᠦᠮᠡᠨ ᠳᠡᠭᠡᠨ ᠦᠨᠡᠨᠴᠢ

        ᠰᠢᠳᠤᠷᠭᠤ ᠂ ᠮᠠᠷᠺᠰ ᠤᠨ ᠦᠵᠡᠯ  ᠳᠤ ᠦᠨᠡᠨᠴᠢ ᠰᠢᠳᠤᠷᠭᠤ ᠂ ᠦᠨᠡᠨ ᠰᠡᠳᠬᠢᠯ ᠠᠴᠠ ᠪᠠᠨ ᠨᠠᠮ ᠢᠶᠠᠨ ᠬᠠᠶᠢᠷᠠᠯᠠᠵᠤ ᠂ ᠴᠠᠭ ᠢᠮᠠᠭᠲᠠ ᠨᠠᠮ ᠤᠨ ᠲᠥᠯᠥᠭᠡ

        ᠰᠠᠨᠠᠭᠠᠰᠢᠷᠠᠵᠤ ᠂ ᠡᠷᠡᠰ ᠪᠠᠲᠤ ᠪᠠᠷ ᠨᠠᠮ ᠢᠶᠠᠨ ᠬᠠᠮᠠᠭᠠᠯᠠᠵᠤ ᠂ ᠪᠦᠭᠦ ᠬᠦᠴᠦᠨ ᠢᠶᠠᠷ ᠢᠶᠠᠨ ᠨᠠᠮ ᠢᠶᠠᠨ ᠮᠠᠨᠳᠤᠭᠤᠯᠬᠤ ᠬᠡᠷᠡᠭᠲᠡᠢ ᠃ ᠪᠣᠳᠠᠲᠠᠢ ᠠᠵᠢᠯᠯᠠᠵᠤ ᠬᠠᠷᠢᠭᠤᠴᠠᠯᠭ᠎ᠠ

        ᠡᠭᠦᠷᠭᠡᠯᠡᠨ ᠬᠥᠭᠵᠢᠯᠲᠡ ᠶᠢ ᠠᠬᠢᠭᠤᠯᠵᠤ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ︽ᠤᠯᠤᠰ ᠤᠨ ᠶᠡᠭᠡ ᠶᠠᠪᠤᠳᠠᠯ ︾ ᠢ

        ᠬᠡᠬᠦᠳᠡᠭ ᠴᠡᠭᠡᠵᠢᠨ ᠳᠡᠭᠡᠨ ᠪᠠᠭᠲᠠᠭᠠᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠂ ᠦᠨᠡᠨ ᠬᠦ ᠠᠳᠬᠤᠨ ᠪᠣᠳᠠᠲᠠᠢ

        ᠠᠵᠢᠯᠯᠠᠵᠤ ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠬᠦᠴᠢᠷ ᠢ ᠮᠡᠳᠡᠵᠦ ᠪᠠᠶᠢᠭᠠᠳ ᠬᠦᠴᠦᠯᠡᠨ

        ᠤᠷᠤᠭᠰᠢᠯᠠᠵᠤ ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ

        ᠭᠠᠷᠭᠠᠬᠤ ᠤᠶᠤᠨ ᠰᠠᠨᠠᠭ᠎ᠠ ᠵᠣᠷᠢᠭ ᠰᠦᠯᠳᠡ ᠪᠠᠷ ᠨᠠᠮ ᠪᠣᠯᠣᠨ ᠠᠷᠠᠳ ᠲᠦᠮᠡᠨ ᠤ ᠲᠥᠯᠥᠭᠡ ᠲᠤᠰᠢᠶᠠᠯ ᠢᠶᠠᠨ ᠰᠠᠶᠢᠲᠤᠷ ᠭᠦᠢᠴᠡᠳᠬᠡᠵᠦ ᠂ ᠬᠠᠷᠢᠭᠤᠴᠠᠯᠭ᠎ᠠ ᠪᠠᠨ

        ᠰᠠᠶᠢᠲᠤᠷ ᠪᠡᠶᠡᠯᠡᠭᠦᠯᠵᠦ ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ

        ᠠᠬᠢᠭᠤᠯᠵᠤ ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ ᠃ 

        ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳᠤ ᠪᠤᠶᠠᠨ ᠦᠢᠯᠡᠳᠴᠦ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢ ᠬᠥᠮᠥᠵᠢᠭᠦᠯᠦᠨ ᠵᠢᠯᠤᠭᠤᠳᠴᠤ

        ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ ᠂ ᠠᠯᠢᠪᠠ ᠪᠦᠭᠦᠨ ᠳᠤ ᠠᠷᠠᠳ ᠲᠦᠮᠡᠨ ᠤ ᠲᠥᠯᠥᠭᠡ ᠪᠠᠶᠢᠬᠤ ᠂ 

        ᠠᠯᠢᠪᠠ ᠪᠦᠭᠦᠨ ᠳᠤ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠵᠤ ᠂ ᠤᠬᠠᠮᠰᠠᠷ ᠠᠴᠠ ᠪᠠᠨ ᠠᠷᠭ᠎ᠠ ᠪᠣᠳᠣᠯᠭ᠎ᠠ ᠶᠢ ᠠᠷᠠᠳ ᠲᠦᠮᠡᠨ ᠠᠴᠠ ᠠᠰᠠᠭᠤᠵᠤ ᠂ 

        ᠬᠡᠷᠡᠭᠴᠡᠭᠡ ᠱᠠᠭᠠᠷᠳᠠᠯᠭ᠎ᠠ ᠶᠢ ᠠᠷᠠᠳ ᠲᠦᠮᠡᠨ ᠠᠴᠠ ᠠᠰᠠᠭᠤᠵᠤ ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠵᠦ ᠂ ᠬᠤᠪᠢ ᠵᠠᠶᠠᠭ᠎ᠠ ᠪᠠᠨ

        ᠬᠠᠮᠲᠤᠳᠬᠠᠨ ᠂ ᠰᠡᠳᠬᠢᠯ ᠵᠢᠷᠦᠬᠡ ᠪᠠᠨ ᠬᠤᠯᠪᠣᠵᠤ ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ

        ᠰᠢᠢᠳᠪᠦᠷᠢᠯᠡᠵᠦ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ

        ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ

        ᠨᠡᠮᠡᠭᠳᠡᠭᠦᠯᠬᠦ ᠬᠡᠷᠡᠭᠲᠡᠢ ᠃ ᠠᠷᠢᠭᠤᠨ ᠴᠢᠬᠡᠴᠢ ᠪᠠᠷ ᠠᠯᠪᠠᠨ ᠤ ᠲᠥᠯᠥᠭᠡ ᠵᠢᠳᠭᠦᠭᠦ ᠰᠢᠨ᠎ᠡ ᠰᠤᠷᠲᠠᠯ ᠢ ᠪᠤᠢ ᠪᠤᠯᠭᠠᠵᠤ ᠂ ᠥᠷᠭᠡᠨ ᠤᠯᠠᠨ ᠨᠠᠮ ᠤᠨ ᠭᠡᠰᠢᠭᠦᠨ ᠂ 

        ᠺᠠᠳ᠋ᠷ ᠢ ᠬᠥᠮᠥᠵᠢᠭᠦᠯᠦᠨ ᠵᠢᠯᠤᠭᠤᠳᠴᠤ ᠰᠠᠬᠢᠯᠭ᠎ᠠ ᠪᠠᠲᠤ ᠶᠢᠨ ᠤᠬᠠᠮᠰᠠᠷ ᠂ ᠶᠣᠰᠣ ᠳᠦᠷᠢᠮ ᠤᠨ ᠤᠬᠠᠮᠰᠠᠷ ᠢ ᠨᠢ ᠴᠢᠩᠭᠠᠳᠬᠠᠵᠤ ᠂ ︽ᠳᠦᠷᠪᠡᠨ ᠰᠤᠷᠲᠠᠯ ︾  ᠢ

        ᠦᠷᠭᠦᠯᠵᠢᠯᠡᠨ ᠵᠠᠯᠠᠷᠠᠭᠤᠯᠤᠨ ᠵᠠᠰᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ ᠂ ᠲᠥᠪ

        ᠭᠤᠣᠯᠴᠢ ᠪᠠᠷ ᠡᠷᠬᠡ ᠪᠠᠨ ᠬᠡᠷᠡᠭᠯᠡᠬᠦ ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ ᠂ ᠠᠷᠢᠭᠤᠨ ᠴᠢᠬᠡᠴᠢ ᠪᠠᠷ ᠡᠷᠬᠡ ᠪᠠᠨ

        ᠬᠡᠷᠡᠭᠯᠡᠬᠦ ᠶᠢ ᠪᠡᠶᠡᠯᠡᠭᠦᠯᠵᠦ ᠂ ᠠᠷᠢᠭᠤᠨ ᠲᠤᠩᠭᠠᠯᠠᠭ ᠨᠥᠬᠦᠳ ᠤᠨ ᠬᠠᠷᠢᠴᠠᠭ᠎ᠠ ᠂ ᠶᠣᠰᠣ ᠳᠦᠷᠢᠮ ᠢ ᠰᠠᠬᠢᠨ ᠪᠠᠷᠢᠮᠲᠠᠯᠠᠭᠰᠠᠨ ᠳᠡᠭᠡᠳᠦ ᠳᠣᠣᠷᠠᠳᠤ ᠱᠠᠲᠤᠨ ᠤ

        ᠬᠠᠷᠢᠴᠠᠭ᠎ᠠ ᠂ ᠳᠣᠲᠣᠨᠣ ᠴᠢᠬᠡᠴᠢ ᠨᠢᠭᠡᠳᠦᠯᠲᠡᠢ ᠰᠢᠨ᠎ᠡ ᠭᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠦᠷᠢᠯᠳᠦᠭᠦᠯᠬᠦ ᠶᠢ ᠠᠬᠢᠭᠤᠯᠵᠤ ᠂ 

        ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠ ᠨᠡᠶᠢᠭᠡᠮ ᠤᠨ ᠬᠡᠪ ᠰᠤᠷᠲᠠᠯ ᠤᠨ ᠳᠠᠭᠠᠭᠤᠯᠤᠭᠴᠢ ᠂ ᠪᠠᠶᠢᠭᠤᠯᠤᠭᠴᠢ ᠂ ᠬᠠᠮᠠᠭᠠᠯᠠᠭᠴᠢ ᠪᠤᠯᠬᠤ ᠬᠡᠷᠡᠭᠲᠡᠢ ᠭᠡᠵᠦ

        ᠵᠢᠭᠠᠵᠤ ᠭᠠᠷᠭᠠᠪᠠ ᠃

              ᠰᠢ ᠶᠢᠨ ᠫᠢᠩ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠱᠠᠲᠤ ᠬᠤᠪᠢᠶᠠᠬᠤ ᠦᠭᠡᠢ ᠂ ᠭᠤᠭᠴᠤᠭ᠎ᠠ ᠬᠤᠪᠢᠶᠠᠬᠤ ᠦᠭᠡᠢ ᠂ ᠤᠨᠤᠯ ᠤᠨ

        ᠰᠤᠷᠤᠯᠴᠠᠯᠭ᠎ᠠ ᠂ ᠪᠠᠶᠢᠴᠠᠭᠠᠨ ᠰᠤᠳᠤᠯᠤᠯᠲᠠ ᠂ ᠬᠥᠭᠵᠢᠯᠲᠡ ᠶᠢ ᠠᠬᠢᠭᠤᠯᠬᠤ ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠬᠤᠯᠪᠣᠯᠳᠤᠭᠤᠯᠵᠤ ᠂ 

        ᠣᠷᠭᠠᠨᠢᠭ ᠢᠶᠠᠷ ᠠᠭᠤᠰᠤᠯᠴᠠᠭᠤᠯᠵᠤ ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠃ ᠤᠭ ᠪᠦᠲᠦᠭᠡᠯ ᠢ ᠤᠩᠰᠢᠵᠤ ᠤᠭ ᠵᠣᠬᠢᠶᠠᠯ ᠢ ᠰᠤᠷᠤᠯᠴᠠᠵᠤ ᠤᠭ

        ᠶᠣᠰᠣ ᠶᠢ ᠣᠶᠢᠯᠠᠭᠠᠬᠤ ᠶᠢ ᠪᠠᠷᠢᠮᠲᠠᠯᠠᠵᠤ ᠂ ᠢᠯᠡᠭᠦᠬᠡᠨ ᠰᠡᠳᠬᠢᠵᠦ ᠢᠯᠡᠭᠦᠬᠡᠨ ᠪᠣᠳᠣᠯᠬᠢᠯᠠᠬᠤ ᠂ ᠨᠡᠪᠲᠡᠷᠡᠯ᠎ᠡ ᠰᠤᠷᠤᠯᠴᠠᠵᠤ ᠲᠤᠭᠤᠷᠠᠲᠠᠯ᠎ᠠ ᠣᠶᠢᠯᠠᠭᠠᠬᠤ ᠶᠢ ᠪᠠᠷᠢᠮᠲᠠᠯᠠᠵᠤ ᠂

         ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠂ ᠭᠤᠣᠯ ᠴᠢᠮᠦᠭᠡ

        ᠪᠤᠯᠬᠤ ᠴᠢᠬᠤᠯᠠ ᠠᠭᠤᠯᠭ᠎ᠠ ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠤᠷᠤᠯᠴᠠᠨ ᠣᠶᠢᠯᠠᠭᠠᠵᠤ ᠂ ᠪᠦᠬᠦᠯᠢ ᠴᠣᠭᠴᠠ ᠪᠠᠷ ᠨᠢ ᠡᠵᠡᠮᠳᠡᠵᠦ ᠂ 

        ᠨᠡᠶᠢᠯᠡᠭᠦᠯᠦᠨ ᠰᠢᠩᠭᠡᠭᠡᠵᠦ ᠨᠡᠪᠳᠡᠷᠡᠳᠡᠯ᠎ᠡ ᠣᠶᠢᠯᠠᠭᠠᠬᠤ ᠬᠡᠷᠡᠭᠲᠡᠢ ᠃ ᠪᠦᠭᠦ ᠨᠠᠮ ᠳᠤ ᠶᠡᠭᠡ ᠪᠠᠷ ᠪᠠᠶᠢᠴᠠᠭᠠᠨ ᠰᠤᠳᠤᠯᠤᠯᠲᠠ ᠥᠷᠨᠢᠭᠦᠯᠬᠦ ᠲᠤᠬᠠᠢ ᠨᠠᠮ ᠤᠨ ᠲᠥᠪ

        ᠬᠤᠷᠢᠶ᠎ᠠ ᠶᠢᠨ ᠠᠵᠢᠯ ᠤᠨ ᠲᠥᠰᠥᠯ ᠶᠣᠰᠣᠭᠠᠷ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠢ ᠵᠣᠬᠢᠶᠠᠨ

        ᠪᠠᠶᠢᠭᠤᠯᠵᠤ ᠂ ᠪᠦᠭᠦ ᠰᠡᠳᠬᠢᠯ ᠪᠦᠭᠦ ᠵᠣᠷᠢᠭ ᠢᠶᠠᠷ  ᠢᠶᠠᠨ ᠂ ᠡᠮᠦᠨ᠎ᠡ ᠹᠷᠣᠨᠲ ᠲᠤ ᠭᠦᠨᠵᠡᠭᠡᠶᠢᠷᠡᠵᠦ ᠂ ᠬᠥᠳᠡᠭᠡ ᠲᠣᠰᠬᠤᠨ ᠂ ᠨᠡᠶᠢᠭᠡᠮ ᠲᠣᠭᠤᠷᠢᠭ ᠂ ᠠᠵᠤ ᠠᠬᠤᠶᠢᠯᠠᠯ ᠂

         ᠡᠮᠨᠡᠯᠭᠡ ᠶᠢᠨ ᠬᠤᠷᠢᠶ᠎ᠠ ᠂ ᠰᠤᠷᠭᠠᠭᠤᠯᠢ ᠂ ︽ᠬᠤᠶᠠᠷ ᠰᠢᠨ᠎ᠡ ︾ ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ ᠨᠢᠭᠡᠴᠢ ᠳᠤ ᠭᠦᠨᠵᠡᠭᠡᠶᠢᠷᠡᠵᠦ ᠂ ᠰᠤᠳᠠᠯ ᠢ

         ᠨᠢ ᠪᠠᠷᠢᠨ ᠣᠨᠣᠰᠢᠯᠠᠵᠤ ᠂ ᠨᠢᠭᠡ ᠨᠢᠭᠡ ᠪᠠᠷ ᠪᠠᠶᠢᠴᠠᠭᠠᠨ ᠰᠢᠨᠵᠢᠯᠡᠵᠦ ᠂ ᠠᠰᠠᠭᠤᠳᠠᠯ ᠢ ᠡᠮᠬᠢᠳᠬᠡᠵᠦ ᠂ ᠬᠦᠴᠢᠷ ᠠᠰᠠᠭᠤᠳᠠᠯ ᠢ ᠵᠢᠭᠰᠠᠭᠠᠨ ᠪᠠᠶᠢᠴᠠᠭᠠᠵᠤ ᠂ ᠨᠠᠮ ᠤᠨ

        ᠰᠢᠨ᠎ᠡ ᠶᠢ ᠡᠭᠦᠳᠦᠭᠰᠡᠨ ᠤᠨᠤᠯ ᠢᠶᠠᠷ ᠰᠢᠨ᠎ᠡ ᠪᠠᠶᠢᠳᠠᠯ ᠢ ᠰᠤᠳᠤᠯᠵᠤ ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ

        ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠂ ᠤᠨᠤᠯ ᠤᠨ

        ᠰᠤᠷᠤᠯᠴᠠᠯᠭ᠎ᠠ ᠪᠠᠷ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠶᠢ ᠴᠢᠩᠭᠠᠳᠬᠠᠵᠤ ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠬᠦ ᠪᠠᠷ

        ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠨᠠᠮ ᠤᠨ ᠬᠤᠷᠢᠳᠤᠭᠠᠷ ᠶᠡᠭᠡ

        ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤᠮᠳᠠ ᠨᠠᠶᠢᠳᠠᠪᠤᠷᠢᠵᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ

        ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ ᠃ ᠰᠤᠷᠤᠯᠴᠠᠬᠤ ᠶᠢᠨ ᠳᠠᠭᠠᠤ ᠬᠠᠷᠭᠤᠭᠤᠯᠵᠤ ᠂ ᠪᠠᠶᠢᠴᠠᠭᠠᠨ

        ᠦᠵᠡᠬᠦ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠭᠦ

        ᠶᠠᠪᠤᠴᠠ ᠳᠤ ᠲᠤᠭᠤᠰᠢᠯᠠᠭᠤᠯᠵᠤ ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ ᠃ 

        ᠲᠥᠪ ᠤᠨ ᠪᠠ ᠲᠦᠷᠦ ᠶᠢᠨ ᠪᠠᠶᠢᠭᠤᠯᠭ᠎ᠠ ᠭᠤᠣᠯ ᠰᠡᠳᠦᠪᠲᠦ ᠬᠥᠮᠦᠵᠢᠯ ᠤᠨ ᠳᠤᠮᠳᠠ ᠪᠠᠶᠢᠭᠤᠯᠭ᠎ᠠ ᠪᠣᠯᠣᠨ ᠰᠢᠰᠲ᠋ᠧᠮ ᠤᠨ ᠳᠣᠲᠣᠷᠠᠬᠢ ᠺᠠᠳ᠋ᠷ ᠤᠨ ᠡᠩᠨᠡᠭᠡ ᠶᠢ

        ᠬᠥᠮᠥᠵᠢᠭᠦᠯᠦᠨ ᠴᠡᠭᠴᠡᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃

              ᠰᠢ ᠶᠢᠨ ᠫᠢᠩ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠪᠣᠯ ᠪᠦᠭᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ ᠪᠣᠯᠣᠨ᠎ᠠ ᠂ ᠴᠠᠭ ᠪᠠᠴᠢᠮ ᠂ ᠡᠭᠦᠷᠭᠡ

        ᠬᠦᠨᠳᠦ ᠂ ᠱᠠᠭᠠᠷᠳᠠᠯᠭ᠎ᠠ ᠥᠨᠳᠥᠷ ᠶᠤᠮ ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ︵ᠨᠠᠮ ᠤᠨ ᠤᠳᠤᠷᠢᠳᠬᠤ ᠳᠤᠭᠤᠶᠢᠯᠠᠩ ︶ ᠭᠤᠣᠯ ᠴᠣᠭᠴᠠ ᠶᠢᠨ

        ᠬᠠᠷᠢᠭᠤᠴᠠᠯᠭ᠎ᠠ ᠪᠠᠨ ᠡᠭᠦᠷᠭᠡᠯᠡᠵᠦ ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠲᠥᠯᠥᠪᠵᠢᠭᠦᠯᠵᠦ ᠂ ᠰᠠᠶᠢᠲᠤᠷ ᠵᠣᠬᠢᠶᠠᠨ ᠪᠠᠶᠢᠭᠤᠯᠵᠤ ᠂ ᠰᠠᠶᠢᠲᠤᠷ

        ᠨᠠᠶᠢᠳᠠᠪᠤᠷᠢᠵᠢᠭᠤᠯᠬᠤ ᠬᠡᠷᠡᠭᠲᠡᠢ ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ

        ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠪᠡᠶ᠎ᠡ ᠪᠠᠷ ᠢᠶᠠᠨ ᠲᠥᠯᠥᠪᠵᠢᠭᠦᠯᠵᠦ ᠂ ᠡᠮᠦᠨ᠎ᠡ ᠨᠢ ᠣᠷᠣᠵᠤ ᠵᠢᠯᠤᠭᠤᠳᠴᠤ ᠂ 

        ᠱᠠᠯᠠᠪᠳᠠᠭᠤᠯᠤᠨ ᠵᠢᠯᠤᠭᠤᠳᠬᠤ ᠬᠡᠷᠡᠭᠲᠡᠢ ᠃ ᠲᠥᠪ ᠠᠴᠠ ᠵᠢᠯᠤᠭᠤᠳᠬᠤ ᠳᠤᠭᠤᠶᠢᠯᠠᠩ ᠲᠣᠮᠢᠯᠠᠵᠤ ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ

        ᠱᠠᠯᠠᠪᠳᠠᠭᠤᠯᠤᠨ ᠵᠢᠯᠤᠭᠤᠳᠬᠤ ᠬᠡᠷᠡᠭᠲᠡᠢ ᠃ ᠮᠤᠵᠢ ᠣᠷᠣᠨ ᠬᠤᠲᠠ ᠶᠢᠨ ᠨᠠᠮ ᠤᠨ ᠬᠤᠷᠢᠶ᠎ᠠ ᠪᠠ ᠠᠵᠢᠯ ᠲᠥᠷᠥᠯ ᠤᠨ ᠰᠢᠰᠲ᠋ᠧᠮ ᠤᠨ ᠭᠤᠣᠯᠯᠠᠨ ᠬᠠᠮᠢᠶᠠᠷᠬᠤ ᠰᠠᠯᠠᠭ᠎ᠠ

        ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ︵ᠨᠠᠮ ᠤᠨ ᠬᠤᠷᠢᠶ᠎ᠠ ︶ ᠲᠣᠭᠤᠷᠢᠨ ᠵᠢᠯᠤᠭᠤᠳᠬᠤ ᠳᠤᠭᠤᠶᠢᠯᠠᠩ ᠲᠣᠮᠢᠯᠠᠵᠤ ᠂ ᠬᠠᠷᠢᠶ᠎ᠠ ᠭᠠᠵᠠᠷ ᠣᠷᠣᠨ ᠂

         ᠰᠠᠯᠠᠭ᠎ᠠ ᠮᠥᠴᠢᠷ ᠪᠠ ᠨᠢᠭᠡᠴᠢ ᠶᠢ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ

        ᠨᠢᠭᠡᠴᠢ ᠶᠢᠨ ᠬᠢᠨ ᠭᠤᠣᠯᠳᠠᠯᠭ᠎ᠠ ᠶᠢᠨ ᠲᠣᠭᠤᠷᠢᠨ ᠳᠤ ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠨᠠᠮ ᠤᠨ

        ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ ᠂ ᠲᠤᠰ

        ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ ᠂ ᠬᠤᠶᠠᠷ ᠲᠠᠯ᠎ᠠ ᠪᠠᠷ ᠠᠳᠬᠤᠵᠤ ᠂ ᠬᠤᠶᠠᠷ ᠢ

        ᠠᠬᠢᠭᠤᠯᠬᠤ ᠶᠢ ᠪᠡᠶᠡᠯᠡᠭᠦᠯᠵᠦ ᠂ ᠨᠠᠮ ᠤᠨ ᠭᠡᠰᠢᠭᠦᠨ ᠂ ᠺᠠᠳ᠋ᠷ ᠤᠨ ᠰᠡᠳᠬᠢᠯ ᠠᠴᠠ ᠪᠠᠳᠠᠷᠠᠨ ᠤᠨᠳᠤᠷᠤᠬᠰᠠᠨ ᠰᠤᠷᠤᠯᠴᠠᠯᠭ᠎ᠠ ᠂ ᠠᠵᠢᠯ ᠤᠨ ᠬᠠᠯᠠᠭᠤᠨ ᠰᠡᠳᠬᠢᠯᠭᠡ ᠶᠢ

        ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ

        ᠬᠡᠷᠡᠭᠲᠡᠢ ᠭᠡᠵᠦ ᠵᠢᠭᠠᠵᠤ ᠭᠠᠷᠭᠠᠪᠠ ᠃

              ᠼᠠᠢ ᠴᠢ ᠳ᠋ᠦᠩᠨᠡᠯᠲᠡ ᠶᠢᠨ ᠶᠠᠷᠢᠶᠠᠨ ᠳᠠᠭᠠᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ

        ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠭᠤᠣᠯ ᠰᠡᠳᠦᠪᠲᠦ ᠬᠥᠮᠦᠵᠢᠯ ᠢ

        ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠭᠤᠣᠯ ᠰᠡᠳᠦᠪᠲᠦ

        ᠬᠥᠮᠦᠵᠢᠯ ᠤᠨ ᠡᠯ᠎ᠡ ᠵᠦᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ ᠂ ᠪᠦᠭᠦ ᠨᠠᠮ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ

        ᠦᠨᠳᠦᠰᠦᠨ ᠵᠢᠷᠤᠮᠯᠠᠯ ᠬᠠᠩᠭᠠᠵᠤ ᠂ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠵᠠᠢ ᠃ ᠪᠦᠭᠦ ᠨᠠᠮ ᠤᠨ ᠨᠥᠬᠦᠳ ᠨᠠᠷᠢᠨ ᠬᠢᠨᠠᠮᠠᠭᠠᠢ

        ᠰᠤᠷᠤᠯᠴᠠᠨ ᠣᠶᠢᠯᠠᠭᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠃ ᠤᠨᠤᠯ ᠢᠶᠠᠷ ᠵᠡᠪᠰᠡᠭᠯᠡᠬᠦ ᠶᠢ ᠪᠦᠭᠦ

        ᠲᠠᠯ᠎ᠠ ᠪᠠᠷ ᠴᠢᠩᠭᠠᠳᠬᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

        ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ

        ᠵᠢᠯᠤᠭᠤᠳᠴᠤ ︽ᠬᠤᠶᠠᠷ ᠢ ᠲᠣᠭᠲᠠᠭᠠᠭᠰᠠᠨ ︾  ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠵᠤ ᠂ ︽ᠲᠦᠷᠪᠡᠨ ᠤᠬᠠᠮᠰᠠᠷ ︾  ᠢᠶᠠᠨ

        ᠴᠢᠩᠭᠠᠳᠬᠠᠵᠤ ᠂ ︽ᠲᠦᠷᠪᠡᠨ ᠢᠲᠡᠭᠡᠯ ︾  ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾  ᠶᠢ ᠪᠡᠶᠡᠯᠡᠭᠦᠯᠬᠦ ᠬᠡᠷᠡᠭᠲᠡᠢ ᠃ ᠪᠠᠶᠢᠴᠠᠭᠠᠨ ᠰᠤᠳᠤᠯᠤᠯᠲᠠ ᠬᠢᠬᠦ

        ᠰᠤᠷᠲᠠᠯ ᠢ ᠶᠡᠭᠡ ᠪᠠᠷ ᠪᠠᠳᠠᠷᠠᠭᠤᠯᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠰᠢᠨ᠎ᠡ ᠪᠠᠶᠢᠳᠠᠯ ᠢ ᠰᠤᠳᠤᠯᠵᠤ ᠂ ᠰᠢᠨ᠎ᠡ ᠠᠰᠠᠭᠤᠳᠠᠯ ᠢ ᠰᠢᠢᠳᠪᠦᠷᠢᠯᠡᠵᠦ ᠂ 

        ᠰᠢᠨ᠎ᠡ ᠲᠤᠷᠰᠢᠯᠭ᠎ᠠ ᠶᠢ ᠳ᠋ᠦᠩᠨᠡᠭᠦ ᠬᠡᠷᠡᠭᠲᠡᠢ ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ

        ᠲᠤᠭᠤᠰᠢᠯᠠᠭᠤᠯᠵᠤ ᠂ ᠠᠰᠠᠭᠤᠳᠠᠯ ᠳᠤ ᠴᠢᠭᠯᠡᠭᠦᠯᠦᠨ ᠰᠤᠳᠤᠯᠵᠤ ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ ᠂ ᠠᠰᠠᠭᠤᠳᠠᠯ ᠳᠤ ᠴᠢᠭᠯᠡᠭᠦᠯᠦᠨ ᠰᠠᠶᠢᠵᠢᠷᠠᠭᠤᠯᠬᠤ

        ᠬᠡᠷᠡᠭᠲᠡᠢ ᠃ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠰᠢᠨ᠎ᠡ

        ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ ᠪᠠᠷᠢᠮᠲᠠᠯᠠᠵᠤ ᠂ ᠤᠯᠠᠨ ᠲᠦᠮᠡᠨ ᠤ

        ᠪᠠᠴᠢᠮᠳᠠᠵᠤ ᠂ ᠬᠦᠴᠢᠷᠳᠡᠵᠦ ᠂ ᠵᠣᠪᠠᠨᠢᠵᠤ ᠂ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠂ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠬᠦ ᠪᠠᠷ ᠬᠦᠴᠦᠯᠡᠨ

        ᠴᠢᠷᠮᠠᠶᠢᠬᠤ ᠬᠡᠷᠡᠭᠲᠡᠢ ᠃ ᠤᠳᠤᠷᠢᠳᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ ᠂ ᠭᠤᠣᠯ ᠰᠡᠳᠦᠪᠲᠦ

        ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠦ ᠢᠯᠡᠳᠬᠡᠪᠡ ᠃

              ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ

        ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶ᠎ᠠ ᠶᠢᠨ ᠳᠠᠷᠤᠭ᠎ᠠ ᠂ ᠲᠦᠷᠦ ᠶᠢᠨ ᠶᠠᠪᠤᠳᠠᠯ ᠤᠨ

        ᠭᠡᠰᠢᠭᠦᠨ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠳᠠᠷᠤᠭ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠂ ᠪᠦᠭᠦ ᠤᠯᠤᠰ ᠤᠨ

        ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠬᠤᠷᠠᠯ ᠳᠤ

        ᠣᠷᠣᠯᠴᠠᠪᠠ ᠃

              ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠵᠤ ᠂ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

        ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ

        ᠪᠦᠷᠢᠯᠳᠦᠭᠦᠨ ᠂ ᠡᠯ᠎ᠡ ᠮᠤᠵᠢ ᠣᠷᠣᠨ ᠬᠤᠲᠠ ᠪᠣᠯᠣᠨ ᠳᠡᠳ᠋ ᠮᠤᠵᠢ ᠶᠢᠨ ᠲᠠᠰ ᠤᠨ ᠬᠤᠲᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ

        ᠪᠢᠩᠲ᠋ᠤᠸᠠᠨ ᠤ ᠤᠳᠤᠷᠢᠳᠬᠤ ᠪᠠᠭ ᠤᠨ ᠪᠦᠷᠢᠯᠳᠦᠭᠦᠨ ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠡᠯ᠎ᠡ ᠠᠷᠠᠳ ᠤᠨ ᠪᠦᠯᠭᠦᠮ ᠂ 

        ᠲᠥᠪ ᠤᠨ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠬᠡᠰᠡᠭ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠴᠡᠷᠢᠭ ᠠᠩᠭᠢ ᠶᠢᠨ

        ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠂ ᠭᠤᠣᠯ ᠰᠡᠳᠦᠪᠲᠦ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ ᠤᠨ ᠡᠯ᠎ᠡ

        ᠳᠤᠭᠤᠶᠢᠯᠠᠩ ᠤᠨ ᠳᠠᠷᠤᠭ᠎ᠠ ᠂ ᠳᠤᠭᠤᠶᠢᠯᠠᠩ ᠤᠨ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ ᠃

              ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ︶

         

        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ