内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ          ︵2022 ︱ 2024 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2023/4/4
                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                                   ᠥᠪᠥᠷ ᠵᠠᠰᠠᠭ ᠠᠯᠪᠠᠨ ᠲᠠᠷᠬᠠᠭᠠᠭᠰᠠᠨ 〔2022〕 68 ᠳ᠋ᠤᠭᠠᠷ ᠲᠣᠭᠠᠲᠤ             ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ            ᠬᠡᠷᠡᠭᠵᠢᠭᠦᠯᠬᠦ ᠲᠥᠰᠥᠯ ︵2022 ︱ 2024 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ            ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ ︵2022 ︱ 2024 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                                               2022 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ            ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠶᠢ                        ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ ︵2022 ︱ 2024 ᠣᠨ︶       ︽ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2022 ︱ 2024 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ  ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 6 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠢᠯ ᠣᠯᠭᠤᠯᠲᠠ ᠶᠢ ᠠᠬᠢᠭᠤᠯᠬᠤ ᠲᠥᠯᠦᠪᠵᠢᠭᠦᠯᠭᠡ︾ ︽︿ᠦᠢᠯᠡᠰ ᠴᠣᠭᠴᠠᠯᠠᠬᠤ ᠥᠪᠥᠷ ᠮᠣᠩᠭᠤᠯ ᠤᠨ  ᠠᠵᠢᠯᠯᠠᠭᠠᠨ﹀ ᠤ ᠬᠡᠷᠡᠭᠵᠢᠭᠦᠯᠬᠦ ᠲᠥᠰᠥᠯ ︵2022 ︱ 2025 ᠣᠨ︶︾ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠵᠡᠮᠳᠡᠭᠴᠦᠳ ᠲᠤ ᠭᠦᠢᠴᠡᠳ ᠠᠵᠢᠯ ᠣᠯᠭᠤᠬᠤ ᠶᠢ ᠲᠦᠷᠭᠡᠳᠬᠡᠨ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ  ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠨᠢᠭᠡ᠂ ᠭᠤᠣᠯ ᠬᠠᠷᠠᠯᠲᠠ      2022 ︱ 2024 ᠣᠨ ᠳᠤ᠂ ᠪᠥᠬᠦ ᠣᠷᠣᠨ ᠤ ᠬᠤᠲᠠ ᠬᠥᠳᠡᠭᠡ ᠶᠢᠨ 2.4 ᠲᠦᠮᠡᠨ ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠵᠤ᠂ ᠠᠵᠢᠯ ᠣᠯᠬᠤ ᠬᠦᠰᠡᠯ ᠪᠠ ᠴᠢᠳᠠᠪᠤᠷᠢ ᠲᠠᠢ ︽ᠭᠡᠷ ᠪᠦᠯᠢ ᠪᠠᠷ ᠢᠶᠠᠨ ᠠᠵᠢᠯ ᠦᠭᠡᠢ︾ ᠵᠡᠮᠳᠡᠭᠴᠦᠳ ᠤᠨ ᠭᠡᠷ ᠪᠦᠯᠢ ᠳᠤ ᠨᠠᠭᠠᠲᠤ ᠵᠠᠬ᠎ᠠ ᠳᠤ ᠪᠠᠨ 1 ᠬᠥᠮᠥᠨ ᠳᠤ ᠨᠢ ᠠᠵᠢᠯ ᠣᠯᠭᠤᠬᠤ ᠶᠢ ᠪᠠᠲᠤᠯᠠᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠪᠣᠳᠠᠲᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ 3 ᠲᠦᠮᠡᠨ ᠬᠥᠮᠥᠨ ᠤᠳᠠᠭ᠎ᠠ ᠥᠷᠨᠢᠭᠦᠯᠦᠨ᠎ᠡ᠃ ᠠᠵᠢᠯ ᠣᠯᠬᠤ ᠬᠦᠰᠡᠯ ᠪᠠ ᠴᠢᠳᠠᠪᠤᠷᠢ ᠲᠠᠢ ᠵᠡᠮᠳᠡᠭᠴᠦᠳ ᠲᠤ ᠤᠯᠠᠮ ᠰᠢᠯᠢᠳᠡᠭ ᠠᠵᠢᠯ ᠣᠯᠭᠤᠯᠲᠠ ᠶᠢᠨ ᠦᠢᠯᠡᠴᠢᠯᠡᠭᠡ  ᠬᠠᠩᠭᠠᠨ᠂ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠴᠢᠳᠠᠪᠤᠷᠢ ᠶᠢ ᠦᠷᠭᠦᠯᠵᠢᠯᠡᠨ  ᠲᠡᠬᠡᠭᠰᠢᠯᠡᠬᠦᠯᠵᠦ᠂ ᠵᠡᠮᠳᠡᠭᠴᠦᠳ ᠤᠨ ᠠᠵᠢᠯ ᠣᠯᠬᠤ ᠡᠷᠬᠡ ᠠᠰᠢᠭ ᠢ ᠤᠯᠠᠮ ᠰᠠᠶᠢᠲᠤᠷ ᠪᠠᠲᠤᠯᠠᠨ᠂ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠤᠯᠠᠮ ᠲᠡᠭᠦᠯᠳᠡᠷᠵᠢᠭᠦᠯᠦᠨ᠂ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠣᠶᠢᠯᠠᠭᠠᠬᠤ᠂ ᠬᠠᠯᠠᠮᠵᠢᠯᠠᠬᠤ᠂ ᠲᠡᠮᠵᠢᠬᠦ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠶᠢ ᠠᠬᠢᠭᠤᠯᠤᠨ᠎ᠠ᠃      ᠬᠤᠶᠠᠷ᠂ ᠭᠤᠣᠯ ᠠᠷᠭ᠎ᠠ ᠬᠡᠮᠵᠢᠶ᠎ᠡ      ︵ᠨᠢᠭᠡ︶ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠲᠦᠷᠦᠭᠦᠯᠡᠨ ᠵᠡᠮᠳᠡᠭᠴᠦᠳ ᠢ  ᠲᠣᠬᠢᠷᠠᠭᠤᠯᠵᠤ ᠠᠵᠢᠯ ᠣᠯᠭᠤᠬᠤ ᠠᠵᠢᠯᠯᠠᠭᠠᠨ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠪᠠᠶᠢᠳᠠᠯ ᠢ ᠪᠦᠷᠢᠳᠬᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠵᠡᠮᠳᠡᠭᠴᠦᠳ ᠢ ᠬᠠᠷᠢᠴᠠᠯ ᠶᠣᠰᠣᠭᠠᠷ ᠲᠣᠬᠢᠷᠠᠭᠤᠯᠤᠨ ᠠᠵᠢᠯ ᠣᠯᠭᠤᠬᠤ ᠠᠵᠢᠯ ᠤᠨ ᠲᠥᠷᠥᠯ ᠵᠦᠢᠯ ᠢ ᠠᠬᠢᠭᠤᠯᠬᠤ ᠲᠥᠯᠥᠪᠯᠡᠭᠡ ᠶᠢ ᠲᠣᠭᠲᠠᠭᠠᠬᠤ ᠬᠡᠷᠡᠭᠲᠡᠢ᠃ 2024 ᠣᠨ ᠪᠣᠯᠬᠤ ᠳᠤ᠂ ᠣᠷᠣᠨ ᠲᠤᠭ᠎ᠠ ᠨᠢ 50 ᠬᠥᠮᠥᠨ ︵ᠪᠠᠭᠲᠠᠨ᠎ᠠ︶ ᠠᠴᠠ ᠳᠡᠭᠡᠭᠰᠢᠬᠢ ᠥᠪᠡᠷᠲᠡᠭᠡᠨ ᠵᠠᠰᠠᠬᠤ ᠣᠷᠣᠨ ᠤ ᠱᠠᠲᠤ᠂ ᠠᠶᠢᠮᠠᠭ ᠬᠤᠳᠠ ᠶᠢᠨ ᠱᠠᠲᠤᠨ ᠤ ᠪᠠᠶᠢᠭᠤᠯᠭ᠎ᠠ ᠪᠠ ᠣᠷᠣᠨ ᠲᠤᠭ᠎ᠠ ᠨᠢ 67 ᠬᠥᠮᠥᠨ ︵ᠪᠠᠭᠲᠠᠨ᠎ᠠ︶ ᠠᠴᠠ ᠳᠡᠭᠡᠭᠰᠢᠬᠢ ᠠᠵᠢᠯ ᠦᠢᠯᠡᠰ ᠤᠨ ᠨᠢᠭᠡᠴᠢ ︵ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠠᠴᠠ ᠭᠠᠳᠠᠨ᠎ᠠ︶ ᠶᠢᠨ ᠲᠣᠬᠢᠷᠠᠭᠤᠯᠤᠭᠰᠠᠨ ᠵᠡᠮᠳᠡᠭᠴᠦᠳ ᠨᠢ ᠲᠣᠭᠲᠠᠭᠰᠠᠨ ᠬᠠᠷᠢᠴᠠᠯ ᠳᠤ ᠬᠥᠷᠥᠭᠰᠡᠨ ᠦᠭᠡᠢ ᠪᠣᠯ ᠨᠠᠭᠠᠲᠤ ᠵᠠᠬ᠎ᠠ ᠳᠤ ᠪᠠᠨ 1 ᠵᠡᠮᠳᠡᠭ ᠬᠥᠮᠥᠨ ᠢ ᠲᠣᠬᠢᠷᠠᠭᠤᠯᠵᠤ ᠠᠵᠢᠯ ᠣᠯᠭᠤᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠪᠠ ᠰᠢᠶᠠᠩ ᠪᠠᠯᠭᠠᠰᠤᠨ ᠤ ᠱᠠᠲᠤᠨ ᠤ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠨᠢ ᠣᠷᠣᠨ ᠲᠣᠭᠠᠨ ᠤ ᠶᠡᠷᠦᠩᠬᠡᠢ ᠲᠤᠭ᠎ᠠ ᠪᠠᠨ ᠦᠨᠳᠦᠰᠦᠯᠡᠨ᠂ ᠨᠢᠭᠡᠳᠦᠯᠲᠡᠢ ᠲᠥᠯᠥᠪᠯᠡᠨ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠬᠡᠷᠡᠭᠲᠡᠢ᠃ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠭᠰᠠᠨ ᠪᠠᠶᠢᠳᠠᠯ ᠢ ᠣᠨ ᠵᠢᠯ᠂ ᠲᠡᠰ ᠳᠠᠪᠬᠤᠷᠭ᠎ᠠ ᠬᠤᠪᠢᠶᠠᠨ ᠪᠦᠷᠢᠳᠬᠡᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠪᠠᠶᠢᠭᠤᠯᠭ᠎ᠠ᠂ ᠠᠵᠢᠯ ᠦᠢᠯᠡᠰ  ᠤᠨ ᠨᠢᠭᠡᠴᠢ ᠶᠢ ᠰᠢᠮᠳᠠᠭᠤᠯᠵᠤ ᠪᠠᠶᠢᠭᠠᠳ ᠵᠡᠮᠳᠡᠭᠴᠦᠳ ᠢ ᠳᠥᠪᠬᠢᠨᠡᠭᠦᠯᠦᠨ ᠠᠵᠢᠯ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠳᠠᠷᠠᠭᠠᠬᠢ ᠠᠭᠤᠯᠭ᠎ᠠ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠬᠤ ᠪᠣᠯᠬᠤᠷ ᠳᠠᠭᠢᠵᠤ ᠵᠢᠭᠰᠠᠭᠠᠬᠤ ᠦᠭᠡᠢ︶      ︵ᠬᠤᠶᠠᠷ︶ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠬᠤ ᠠᠵᠢᠯᠯᠠᠭᠠᠨ ᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠨᠢ ᠵᠢᠯ ᠪᠦᠷᠢ 1 ︱ 2 ᠤᠳᠠᠭᠠᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠮᠳᠡᠭᠴᠦᠳ ᠢ ᠲᠤᠰᠠᠯᠠᠨ ᠠᠵᠢᠯ ᠣᠯᠭᠤᠬᠤ ᠲᠤᠰᠬᠠᠢ ᠲᠠᠯᠠᠪᠤᠷ ᠤᠨ ᠠᠵᠢᠯᠲᠠᠨ ᠤᠷᠢᠬᠤ ᠠᠵᠢᠯᠯᠠᠭ᠎ᠠ ᠶᠢ ᠲᠥᠪᠯᠡᠷᠡᠭᠦᠯᠵᠦ ᠵᠣᠬᠢᠶᠠᠨ ᠪᠠᠶᠢᠭᠤᠯᠵᠤ ᠥᠷᠨᠢᠭᠦᠯᠦᠨ᠂ ᠠᠵᠢᠯ ᠤᠨ ᠪᠠᠶᠢᠷᠢ ᠪᠠᠷ ᠨᠡᠯᠢᠶᠡᠳ ᠣᠯᠠᠨ ᠨᠢᠭᠡ ᠪᠦᠯᠦᠭ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠣᠩᠭᠤᠵᠤ᠂ ᠵᠢᠯ ᠪᠦᠷᠢ ᠨᠢᠭᠡ ᠪᠦᠯᠦᠭ ᠠᠵᠢᠯ ᠤᠨ ᠪᠠᠶᠢᠷᠢ ᠭᠠᠷᠭᠠᠵᠤ ᠪᠠᠶᠢᠭᠠᠳ ᠵᠡᠮᠳᠡᠭᠴᠦᠳ ᠢ ᠬᠠᠨᠳᠤᠯᠭ᠎ᠠ ᠲᠠᠢ ᠪᠠᠷ ᠤᠷᠢᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠭᠰᠠᠨ ᠪᠠᠶᠢᠳᠠᠯ ᠢᠶᠠᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠮᠡᠳᠡᠭᠦᠯᠦᠯᠲᠡ ᠳᠤ ᠪᠠᠨ ᠣᠷᠣᠭᠤᠯᠵᠤ᠂ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠦᠭᠡᠢ ᠪᠠᠶᠢᠪᠠᠯ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠢ᠃  ᠨᠠᠪᠴᠢᠨ ᠲᠠᠮᠠᠬᠢᠨ ᠪᠦᠲᠦᠭᠡᠭᠳᠡᠬᠦᠨ ᠢ ᠵᠢᠵᠢᠭᠯᠡᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠭᠰᠠᠨ ᠵᠡᠮᠳᠡᠭᠴᠦᠳ ᠲᠤ ᠡᠯ᠎ᠡ ᠭᠠᠵᠠᠷ ᠣᠷᠣᠨ ᠤ ᠨᠠᠪᠴᠢᠨ ᠲᠠᠮᠠᠬᠢ ᠲᠤᠰᠬᠠᠢ ᠬᠤᠳᠠᠯᠳᠤᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠨᠠᠪᠴᠢᠨ ᠲᠠᠮᠠᠬᠢᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠴᠡᠭ ᠤᠨ ᠲᠤᠭ᠎ᠠ ᠬᠡᠮᠵᠢᠶ᠎ᠡ ᠪᠠ ᠬᠤᠭᠤᠷᠣᠨᠳᠣᠬᠢ ᠵᠠᠢ ᠶᠢᠨ ᠱᠠᠭᠠᠷᠳᠠᠯᠭ᠎ᠠ ᠶᠢ ᠵᠣᠬᠢᠰᠲᠠᠢ ᠪᠠᠷ ᠠᠭᠤᠵᠢᠭᠤ ᠲᠠᠯᠪᠢᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠮᠳᠡᠭᠴᠦᠳ ᠲᠤ ᠬᠦᠴᠦᠨ ᠨᠡᠮᠡᠷᠢᠯᠡᠵᠦ ᠠᠵᠢᠯ ᠣᠯᠭᠤᠬᠤ ᠠᠵᠢᠯᠯᠠᠭᠠᠨ ᠢ ᠬᠡᠷᠡᠭᠵᠢᠭᠦᠯᠦᠨ᠎ᠡ᠃

        365赢多少钱会被限额_国内有真正的365平台吗_365bet博彩官网

        ᠨᠢᠭᠡ ᠪᠦᠯᠦᠭ ᠲᠦᠷᠦᠭᠦᠦ ᠲᠠᠪᠴᠠᠩ᠂ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠵᠡᠷᠭᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠵᠡᠮᠳᠡᠭᠴᠦᠳ ᠤᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠬᠤ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠶᠢᠨ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠭᠰᠠᠨ ᠳᠤ ᠬᠦᠷᠲᠡᠭᠡᠬᠦ ᠱᠠᠩᠨᠠᠯ ᠵᠢᠴᠢ ᠬᠠᠮᠢᠶ᠎ᠠ ᠪᠦᠬᠦᠢ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ  ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠪᠥᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠠᠵᠤ ᠠᠬᠤᠶᠢᠯᠠᠯ ᠤᠨ ᠬᠤᠯᠪᠣᠭᠠᠲᠤ ᠵᠣᠬᠢᠶᠠᠨ ᠪᠠᠶᠢᠭᠤᠯᠤᠯᠲᠠ ᠵᠢᠴᠢ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠵᠡᠮᠳᠡᠭᠴᠦᠳ ᠢ ᠲᠤᠰᠠᠯᠠᠨ ᠠᠵᠢᠯ ᠣᠯᠭᠤᠬᠤ ᠲᠠᠪᠴᠠᠩ ᠪᠠᠶᠢᠭᠤᠯᠤᠨ᠂ ᠵᠡᠮᠳᠡᠭᠴᠦᠳ ᠢ ᠰᠢᠩᠭᠡᠬᠡᠨ ᠠᠪᠴᠤ ᠠᠵᠢᠯ ᠣᠯᠭᠤᠭᠤᠯᠬᠤ ᠬᠡᠷᠡᠭᠲᠡᠢ᠃ ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠵᠤ ᠪᠠᠶᠢᠭ᠎ᠠ ᠠᠵᠤ ᠠᠬᠤᠶᠢᠯᠠᠯ ᠵᠢᠴᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠢᠯᠤᠭᠤᠳᠬᠤ ᠪᠠ ᠲᠡᠳᠬᠦᠬᠦ ᠪᠠᠨ ᠴᠢᠩᠭᠠᠳᠬᠠᠵᠤ᠂ ᠬᠥᠳᠡᠯᠮᠦᠷᠢ ᠶᠢᠨ ᠲᠥᠷᠥᠯ ᠵᠦᠢᠯ ᠬᠠᠷᠢᠯᠴᠠᠵᠤ ᠦᠭᠭᠦ᠂ ᠠᠵᠢᠯ ᠣᠯᠭᠤᠵᠤ ᠦᠢᠯᠡᠰ ᠴᠣᠭᠴᠠᠯᠠᠬᠤ ᠪᠣᠯᠪᠠᠰᠤᠷᠠᠯ ᠪᠠ ᠬᠥᠯᠥᠰᠦᠯᠡᠭᠴᠢ ᠶᠢᠨ ᠪᠣᠯᠪᠠᠰᠤᠷᠠᠯ ᠥᠷᠨᠢᠭᠦᠯᠬᠦ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠢ᠃ ᠠᠷᠠᠳ ᠠᠴᠠ

        365赢多少钱会被限额_国内有真正的365平台吗_365bet博彩官网

        ᠡᠵᠡᠩᠨᠡᠭᠰᠡᠨ ᠠᠵᠤ ᠠᠬᠤᠶᠢᠯᠠᠯ ᠨᠢ ᠵᠡᠮᠳᠡᠭᠴᠦᠳ ᠢ ᠲᠣᠰᠠᠯᠠᠨ‌ᠠᠵᠢᠯ ᠣᠯᠭᠤᠭᠰᠠᠨ᠂ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠪᠠᠶᠢᠳᠠᠯ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠮᠡᠳᠡᠭᠦᠯᠦᠯᠲᠡ ᠳᠤ ᠪᠠᠨ ᠣᠷᠣᠭᠤᠯᠬᠤ ᠪᠤᠶᠤ ᠨᠡᠶᠢᠭᠡᠮ ᠤᠨ ᠬᠠᠷᠢᠭᠤᠴᠠᠯᠭ᠎ᠠ ᠶᠢᠨ ᠲᠤᠰᠬᠠᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠠᠴᠠ ᠵᠡᠮᠳᠡᠭᠴᠦᠳ ᠲᠤ ᠠᠵᠢᠯ ᠣᠯᠭᠤᠬᠤ ᠳᠤ ᠬᠦᠴᠦᠨ ᠨᠡᠮᠡᠷᠢᠯᠡᠬᠦ ᠠᠵᠢᠯᠯᠠᠭᠠᠨ ᠢ ᠬᠡᠷᠡᠭᠵᠢᠭᠦᠯᠦᠨ᠎ᠡ᠃ ᠵᠡᠮᠳᠡᠭᠴᠦᠳ ᠤᠨ ᠲᠤᠰᠬᠠᠢ ᠨᠡᠶᠢᠭᠡᠮᠯᠢᠭ᠂ ᠵᠡᠮᠳᠡᠭᠴᠦᠳ ᠢ ᠲᠤᠰᠠᠯᠠᠬᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠲᠠᠯ᠎ᠠ ᠪᠠᠷ ᠬᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠵᠠᠬ᠎ᠠ ᠳᠡᠯᠭᠡᠭᠦᠷ ᠤᠨ ᠠᠯᠤᠰ ᠤᠨ ᠲᠥᠯᠥᠪ ᠲᠠᠢ᠂ ᠠᠮᠢᠵᠢᠷᠠᠯ ᠤᠨ ᠬᠦᠴᠦᠨ ᠢᠶᠠᠷ ᠴᠢᠩᠭ᠎ᠠ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠲᠥᠷᠥᠯ ᠵᠦᠢᠯ ᠢ ᠪᠣᠶᠢᠵᠢᠭᠤᠯᠬᠤ ᠬᠡᠷᠡᠭᠲᠡᠢ᠃ ︽ᠬᠠᠶᠢᠷ᠎ᠠ ᠢᠪᠡᠭᠡᠭᠰᠡᠨ ᠤᠮᠠᠷᠠᠲᠤ ᠬᠢᠯᠢ︾  ︱ ᠦᠢᠯᠡᠰ ᠢ ᠨᠢ ᠲᠤᠰᠠᠯᠠᠬᠤ ᠪᠠ ᠦᠪᠡᠰᠦᠪᠡᠨ ᠬᠦᠴᠦᠷᠬᠡᠭᠵᠢᠬᠦ ᠨᠡᠶᠢᠲᠡ ᠶᠢᠨ ᠠᠰᠠᠷᠠᠮᠵᠢ ᠶᠢᠨ ᠵᠡᠮᠳᠡᠭᠴᠦᠳ ᠲᠤ ᠲᠤᠰᠠᠯᠠᠬᠤ ᠠᠵᠢᠯᠯᠠᠭᠠᠨ ᠢ ᠥᠷᠨᠢᠭᠦᠯᠵᠦ᠂ ᠠᠵᠢᠯ ᠣᠯᠬᠤ ᠬᠦᠰᠡᠯ ᠪᠠ ᠴᠢᠳᠠᠪᠤᠷᠢ ᠲᠠᠢ ᠵᠡᠮᠳᠡᠭᠴᠦᠳ ᠲᠤ ᠠᠵᠢᠯ ᠣᠯᠭᠤᠯᠲᠠ ᠶᠢᠨ ᠬᠠᠪᠰᠤᠷᠤᠯᠭ᠎ᠠ ᠳᠡᠮᠵᠢᠯᠭᠡ  ᠬᠠᠩᠭᠠᠬᠤ ᠬᠡᠷᠡᠭᠲᠡᠢ᠃ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠪᠠᠶᠢᠭᠤᠯᠤᠮᠵᠢ᠂ ᠵᠡᠮᠳᠡᠭᠴᠦᠳ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠶᠢᠭᠤᠯᠤᠮᠵᠢ᠂ ᠰᠣᠬᠤᠷ ᠬᠥᠮᠥᠨ ᠤ ᠢᠯᠢᠯᠭᠡ ᠶᠢᠨ ᠪᠠᠶᠢᠭᠤᠯᠤᠮᠵᠢ᠂ ︽ᠬᠠᠯᠠᠭᠤᠨ ᠳᠣᠲᠣᠨᠣᠰᠤᠭ ᠭᠡᠷ ᠣᠷᠣᠨ︾᠂ ᠵᠡᠮᠳᠡᠭᠴᠦᠳ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠤᠨ ᠲᠠᠰᠤᠭ ᠵᠡᠷᠭᠡ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠵᠢᠴᠢ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠡᠯ᠎ᠡ ᠲᠥᠷᠥᠯ ᠤᠨ ᠪᠠᠶᠢᠭᠤᠯᠤᠮᠵᠢ ᠶᠢᠨ ᠣᠷᠳᠣ ᠬᠤᠭᠤᠴᠠᠭ᠎ᠠ ᠪᠠᠷ᠂ ᠲᠣᠭᠲᠠᠭᠤᠨ ᠢᠶᠠᠷ᠂ ᠵᠢᠷᠤᠮᠵᠢᠯ ᠲᠠᠢ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠡᠷᠬᠢᠯᠡᠵᠦ ᠪᠠᠶᠢᠭ᠎ᠠ ᠵᠡᠮᠳᠡᠭᠴᠦᠳ ᠨᠢ ᠨᠥᠬᠦᠴᠡᠯ ᠳᠤ ᠨᠡᠶᠢᠴᠡᠭᠰᠡᠨ ᠪᠠᠶᠢᠪᠠᠯ ᠲᠣᠭᠲᠠᠭᠠᠯ ᠶᠣᠰᠣᠭᠠᠷ ᠦᠢᠯᠡᠰ ᠴᠣᠭᠴᠠᠯᠠᠬᠤ ᠨᠡᠮᠡᠭᠦᠷᠢ ᠣᠯᠭᠤᠬᠤ ᠬᠡᠷᠡᠭᠲᠡᠢ᠃ ᠵᠡᠮᠳᠡᠭᠴᠦᠳ ᠤᠨ ᠦᠢᠯᠡᠰ ᠴᠣᠭᠴᠠᠯᠠᠬᠤ ᠳᠤ ᠵᠢᠭᠡᠯᠡᠯᠭᠡ ᠶᠢᠨ ᠳᠠᠮ ᠬᠦᠦ ᠬᠠᠩᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠡᠮᠳᠡᠭᠴᠦᠳ ᠤᠨ ᠦᠢᠯᠡᠰ ᠴᠣᠭᠴᠠᠯᠠᠬᠤ ᠲᠤᠰᠬᠠᠢ ᠵᠢᠭᠡᠯᠡᠯᠭᠡ ᠶᠢᠨ ᠲᠥᠷᠥᠯ ᠵᠦᠢᠯ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠠᠵᠢᠯ ᠣᠯᠬᠤ ᠳᠤ ᠬᠦᠴᠢᠷᠲᠡᠢ ᠵᠡᠮᠳᠡᠭᠴᠦᠳ ᠤᠨ ᠠᠵᠢᠯ ᠣᠯᠬᠤ ᠳᠤ ᠨᠢ ᠬᠠᠪᠰᠤᠷᠤᠨ ᠲᠡᠳᠬᠦᠬᠦ ᠠᠵᠢᠯᠯᠠᠭᠠᠨ ᠢ ᠬᠡᠷᠡᠭᠵᠢᠭᠦᠯᠦᠨ᠎ᠡ᠃︽ᠬᠠᠶᠢᠷᠠᠯᠠᠨ ᠬᠠᠯᠠᠮᠵᠢᠯᠠᠬᠤ ᠭᠡᠷ ᠣᠷᠣᠨ︾ ︽ᠬᠠᠯᠠᠭᠤᠨ  ᠳᠣᠲᠣᠨᠣᠰᠤᠭ ᠭᠡᠷ ᠣᠷᠣᠨ︾᠂ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠪᠠᠶᠢᠭᠤᠯᠤᠮᠵᠢ ᠵᠡᠷᠭᠡ ᠵᠡᠮᠳᠡᠭᠴᠦᠳ ᠢ ᠲᠤᠰᠠᠯᠠᠬᠤ ᠪᠠᠶᠢᠭᠤᠯᠤᠮᠵᠢ ᠪᠠᠷ ᠳᠠᠮᠵᠢᠭᠤᠯᠤᠨ᠂ ᠵᠣᠬᠢᠬᠤ ᠬᠡᠮᠵᠢᠶᠡᠨ ᠤ ᠬᠥᠳᠡᠯᠮᠦᠷᠢᠯᠡᠬᠦ ᠴᠢᠳᠠᠪᠤᠷᠢ ᠲᠠᠢ ᠪᠣᠯᠪᠠᠴᠤ ᠥᠷᠢᠰᠦᠯᠳᠦᠭᠡᠨ ᠤ ᠴᠢᠨᠠᠷᠲᠠᠢ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠣᠷᠣᠬᠤ ᠳᠤ ᠪᠡᠷᠬᠡᠲᠡᠢ ᠣᠶᠤᠨ ᠤᠬᠠᠭᠠᠨ᠂ ᠣᠶᠤᠨ ᠮᠡᠳᠡᠷᠡᠯ ᠪᠠ ᠦᠶ᠎ᠡ ᠭᠡᠰᠢᠭᠦᠨ ᠨᠢ ᠬᠦᠨᠳᠦ ᠠᠷᠬᠠᠭ ᠲᠠᠢ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠪᠠᠨ ᠴᠢᠩᠭᠠᠳᠬᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠡᠬᠦ ᠬᠡᠪᠴᠢᠶᠡᠨ ᠠᠴᠠ ᠠᠭᠠᠵᠢᠮ ᠢᠶᠠᠷ ᠪᠤᠴᠠᠭᠠᠨ ᠭᠠᠷᠭᠠᠬᠤ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠂ ᠲᠡᠳᠡᠨ ᠢ  ᠬᠠᠪᠰᠤᠷᠴᠤ ᠪᠠᠶᠢᠭᠠᠳ ᠳᠣᠲᠣᠭᠠᠳᠤ ᠬᠥᠭᠵᠢᠯᠲᠡ ᠶᠢᠨ ᠴᠢᠳᠠᠪᠤᠷᠢ ᠶᠢ ᠨᠢ ᠲᠡᠬᠡᠭᠰᠢᠯᠡᠬᠦᠯᠬᠦ ᠬᠡᠷᠡᠭᠲᠡᠢ᠃ ᠵᠡᠮᠳᠡᠭᠴᠦᠳ ᠤᠨ ᠲᠤᠰᠬᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠨᠥᠬᠦᠴᠡᠯ ᠳᠤ ᠨᠡᠶᠢᠴᠡᠬᠦ᠂ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠳᠡᠮᠵᠢᠨ ᠠᠵᠢᠯ ᠣᠯᠬᠤ ᠶᠢ ᠪᠡᠶᠡᠯᠡᠭᠦᠯᠬᠦ ᠳᠤ ᠬᠦᠴᠢᠷᠲᠡᠢ ᠵᠡᠮᠳᠡᠭᠴᠦᠳ ᠢ ᠦᠨᠳᠦᠰᠦ ᠠᠴᠠ ᠨᠢ ᠪᠠᠲᠤᠯᠠᠨ ᠲᠥᠪᠬᠢᠨᠡᠭᠦᠯᠵᠦ᠂ ᠨᠡᠮᠡᠭᠦᠷᠢ ᠥᠭᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ  ᠮᠥᠨ ᠬᠦ ᠪᠤᠰᠤᠳ ᠠᠷᠭ᠎ᠠ ᠵᠠᠮ ᠢᠶᠠᠷ ᠠᠵᠢᠯ ᠣᠯᠬᠤ ᠶᠢ ᠪᠡᠶᠡᠯᠡᠭᠦᠯᠬᠦ ᠳᠤ ᠬᠦᠴᠢᠷᠲᠡᠢ ᠪᠠᠶᠢᠭ᠎ᠠ ᠬᠦᠨᠳᠦ ᠵᠡᠮᠳᠡᠭᠴᠦᠳ ᠢ ᠳᠠᠬᠢᠨ ᠲᠠᠰ ᠳᠠᠷᠠᠭᠠᠯᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠡᠮᠵᠢᠨ  ᠲᠥᠪᠬᠢᠨᠡᠭᠦᠯᠵᠦ᠂ ᠨᠡᠶᠢᠲᠡ ᠲᠥᠪᠬᠢᠨᠡᠭᠦᠯᠬᠦ ᠤᠳᠠᠭ᠎ᠠ ᠶᠢ ᠵᠠᠷᠴᠢᠮ ᠳᠡᠭᠡᠷ᠎ᠡ ᠪᠠᠨ 2 ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠵᠡᠮᠳᠡᠭᠴᠦᠳ ᠤᠨ ᠠᠵᠢᠯ ᠣᠯᠬᠤ ᠳᠤ ᠨᠢ ᠬᠠᠪᠰᠤᠷᠤᠨ ᠲᠡᠳᠬᠦᠬᠦ ᠠᠵᠢᠯᠯᠠᠭᠠᠨ ᠢ ᠬᠡᠷᠡᠭᠵᠢᠭᠦᠯᠦᠨ᠎ᠡ᠃ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠪᠦᠷᠢᠯᠳᠦᠭᠦᠨ ᠤ ᠲᠠᠷᠢᠵᠦ ᠵᠠᠶᠢᠯᠠᠬᠤ᠂ ᠲᠡᠵᠢᠭᠡᠨ ᠦᠷᠡᠵᠢᠭᠦᠯᠬᠦ᠂ ᠪᠣᠯᠪᠠᠰᠣᠷᠠᠭᠤᠯᠵᠦ ᠡᠳ᠋ᠰᠢᠭᠦᠯᠬᠦ᠂ ᠡᠯᠧᠺᠲᠷᠣᠨ ᠬᠤᠳᠠᠯᠳᠤᠭ᠎ᠠ ᠵᠡᠷᠭᠡ ᠠᠵᠢᠯ ᠲᠥᠷᠥᠯ ᠡᠷᠭᠢᠯᠡᠬᠦ ᠶᠢ ᠨᠢ ᠲᠡᠳᠬᠦᠵᠦ᠂ ᠲᠠᠷᠢᠶᠠᠯᠠᠬᠤ ᠮᠠᠯᠵᠢᠬᠤ ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠲᠥᠷᠥᠯ ᠵᠦᠢᠯ ᠢ ᠬᠡᠷᠡᠭᠵᠢᠭᠦᠯᠦᠨ᠂ ᠲᠣᠭᠲᠠᠭᠠᠯ ᠶᠣᠰᠣᠭᠠᠷ ᠵᠣᠬᠢᠮᠵᠢᠲᠠᠢ ᠨᠡᠮᠡᠭᠦᠷᠢ ᠥᠭᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠲᠥᠴᠢ ᠠᠵᠤ ᠠᠬᠤᠶᠢᠯᠠᠯ ᠬᠢᠭᠡᠳ ᠶᠠᠳᠠᠭᠤ  ᠠᠴᠠ ᠠᠩᠭᠢᠵᠢᠷᠠᠭᠤᠯᠬᠤ ᠵᠡᠮᠳᠡᠭᠴᠦᠳ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠵᠡᠮᠳᠡᠭᠴᠦᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠵᠡᠮᠳᠡᠭᠴᠦᠳ ᠢ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢᠨ ᠭᠤᠣᠯᠳᠠᠯᠭ᠎ᠠ ᠪᠣᠯᠬᠤ ᠬᠠᠪᠰᠤᠷᠤᠨ ᠲᠡᠳᠬᠦᠬᠦ ᠬᠤᠰᠢᠭᠤ ᠰᠢᠶᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠡᠮᠳᠡᠭᠴᠦᠳ ᠲᠤ ᠠᠵᠢᠯ ᠣᠯᠭᠤᠵᠤ ᠬᠠᠪᠰᠤᠷᠤᠨ ᠲᠡᠳᠬᠦᠬᠦ ᠲᠥᠷᠥᠯ ᠵᠦᠢᠯ ᠳᠤ ᠳᠡᠮᠵᠢᠯᠭᠡ ᠦᠵᠡᠬᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠣᠯᠤᠭ᠎ᠠ︶ ᠵᠡᠮᠳᠡᠭ ᠣᠶᠤᠲᠠᠳ ᠤᠨ ᠠᠵᠢᠯ ᠣᠯᠬᠤ ᠶᠢ ᠨᠢ ᠬᠠᠪᠰᠤᠷᠤᠨ ᠲᠡᠳᠬᠦᠬᠦ ᠠᠵᠢᠯᠯᠠᠭᠠᠨ ᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠬᠤᠭᠤᠷᠣᠨᠳᠤ ᠪᠠᠨ ᠵᠡᠮᠳᠡᠭ ᠣᠶᠤᠲᠠᠳ ᠤᠨ ᠮᠡᠳᠡᠭᠡ ᠵᠠᠩᠭᠢ ᠶᠢ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠪᠥᠬᠦ ᠣᠷᠣᠨ ᠤ ᠰᠤᠷᠭᠠᠭᠤᠯᠢ ᠳᠤ ᠪᠠᠶᠢᠭ᠎ᠠ ᠵᠡᠮᠳᠡᠭ ᠣᠶᠤᠲᠠᠳ ᠤᠨ ᠲᠤᠭ᠎ᠠ ᠪᠠᠷᠢᠮᠲᠠ ᠶᠢ ᠣᠨᠣᠪᠴᠢᠲᠠᠶ ᠡᠵᠡᠮᠰᠢᠨ᠂ ︽ᠨᠢᠭᠡ ᠬᠥᠮᠥᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠠᠵᠢᠯ ᠣᠯᠭᠤᠬᠤ ᠦᠢᠯᠡᠴᠢᠯᠡᠭᠡᠨ ᠤ ᠡᠬᠡ ᠲᠠᠩᠰᠠ ᠶᠢ ᠪᠠᠶᠢᠭᠤᠯᠵᠤ᠂ ︽ᠨᠢᠭᠡ ᠳᠤ ᠨᠢᠭᠡ ᠶᠢ ᠴᠢᠭᠯᠡᠬᠦᠯᠬᠦ︾ ᠣᠨᠣᠴᠠᠲᠠᠢ ᠦᠢᠯᠡᠴᠢᠯᠡᠭᠡᠨ ᠢ ᠥᠷᠨᠢᠭᠦᠯᠬᠦ ᠬᠡᠷᠡᠭᠲᠡᠢ᠃ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ ᠠᠵᠤ ᠠᠬᠤᠶᠢᠯᠠᠯ ᠪᠠ ᠵᠡᠮᠳᠡᠭ ᠣᠶᠤᠲᠠᠳ ᠲᠤ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠲᠣᠭᠲᠠᠴᠠ ᠶᠢ ᠪᠠᠶᠢᠭᠤᠯᠤᠨ ᠥᠭᠴᠦ᠂ ᠬᠥᠮᠥᠨ ᠬᠡᠷᠡᠭᠯᠡᠬᠦ ᠨᠢᠭᠡᠴᠢ ᠬᠢᠭᠡᠳ ᠵᠡᠮᠳᠡᠭ ᠣᠶᠤᠲᠠᠳ ᠤᠨ ᠬᠤᠭᠤᠷᠣᠨᠳᠣᠬᠢ ᠮᠡᠳᠡᠭᠡ ᠵᠠᠩᠭᠢ ᠨᠡᠪᠲᠡᠷᠡᠯᠴᠡᠬᠦ ᠵᠠᠮ ᠮᠥᠷ ᠢ ᠨᠢ ᠰᠢᠯᠤᠭᠤᠳᠬᠠᠬᠤ ᠬᠡᠷᠡᠭᠲᠡᠢ᠃ ᠵᠡᠮᠳᠡᠭ ᠣᠶᠤᠲᠠᠳ ᠲᠤ ᠠᠵᠢᠯ ᠣᠯᠭᠤᠯᠲᠠ ᠶᠢᠨ ᠵᠢᠯᠣᠭᠤᠳᠤᠯᠭ᠎ᠠ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠤᠷ᠎ᠠ ᠮᠡᠷᠭᠡᠵᠢᠯ ᠤᠨ ᠪᠣᠯᠪᠠᠰᠤᠷᠠᠯ ᠪᠠ ᠲᠤᠰᠬᠠᠢ ᠲᠠᠯᠠᠪᠤᠷ ᠤᠨ ᠠᠵᠢᠯᠲᠠᠨ ᠤᠷᠢᠬᠤ ᠠᠵᠢᠯᠯᠠᠭ᠎ᠠ ᠵᠡᠷᠭᠡ ᠬᠠᠨᠳᠤᠯᠭᠠᠲᠤ ᠴᠢᠨᠠᠷᠲᠠᠢ ᠦᠢᠯᠡᠴᠢᠯᠡᠭᠡ ᠶᠢ ᠥᠷᠨᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠡᠮᠳᠡᠭᠴᠦᠳ ᠤᠨ ᠬᠤᠯᠪᠣᠭᠠᠲᠤ ᠬᠤᠷᠠᠯ ᠠᠵᠢᠯ  ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠰᠣᠬᠤᠷ ᠬᠥᠮᠥᠨ ᠤ ᠢᠯᠢᠯᠭᠡ ᠪᠠᠷ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠰᠣᠬᠤᠷ ᠬᠥᠮᠥᠨ ᠤ ᠢᠯᠢᠯᠭᠡ ᠶᠢᠨ ᠡᠮᠨᠡᠯᠭᠡ ᠵᠢᠨ‌ᠬᠤᠷᠢᠶᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠳᠤ ᠰᠣᠬᠤᠷ ᠬᠥᠮᠥᠨ ᠤ ᠢᠯᠢᠯᠭᠡ ᠶᠢᠨ ᠪᠠᠶᠢᠭᠤᠯᠤᠮᠵᠢ ︵ᠡᠮᠴᠢᠯᠡᠭᠡᠨ ᠤ ᠪᠤᠰᠤ ᠪᠠᠶᠢᠭᠤᠯᠤᠮᠵᠢ︶ ᠡᠷᠭᠢᠯᠡᠬᠦ ᠬᠢᠵᠠᠭᠠᠷᠯᠠᠯ ᠢ  ᠨᠢ ᠪᠠᠭᠠᠰᠬᠠᠬᠤ ᠬᠡᠷᠡᠭᠲᠡᠢ᠃ ᠰᠣᠬᠤᠷ ᠬᠥᠮᠥᠨ ᠤ ᠡᠮᠴᠢᠯᠡᠭᠡᠨ ᠤ ᠢᠯᠢᠯᠭᠡ ᠶᠢᠨ ᠠᠵᠢᠯᠲᠠᠳ ᠤᠨ ᠡᠮᠴᠢᠯᠡᠭᠡᠨ ᠤ ᠢᠯᠢᠯᠭᠡ ᠶᠢᠨ ᠭᠠᠵᠠᠷ ᠡᠷᠬᠢᠯᠡᠬᠦ ᠶᠢ  ᠲᠡᠮᠵᠢᠨ᠎ᠡ᠃ ᠨᠡᠶᠢᠭᠡᠮ ᠤᠨ ᠬᠦᠴᠦᠨ ᠢ ᠳᠠᠲᠡᠨ ᠣᠷᠣᠭᠤᠯᠵᠤ᠂ ᠡᠯ᠎ᠡ ᠭᠠᠵᠠᠷ ᠣᠷᠣᠨ ᠤ ᠰᠣᠬᠤᠷ ᠬᠥᠮᠥᠨ ᠤ ᠢᠯᠢᠯᠭᠡ ᠶᠢᠨ ᠪᠠᠶᠢᠭᠤᠯᠤᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠬᠤᠷ ᠬᠥᠮᠥᠨ ᠤ ᠢᠯᠢᠯᠭᠡ ᠶᠢᠨ ᠨᠡᠷᠡᠳᠦ ᠲᠡᠮᠳᠡᠭ ᠢ ᠡᠭᠦᠳᠦᠨ᠂ ᠰᠣᠬᠤᠷ ᠬᠥᠮᠥᠨ ᠤ ᠢᠯᠢᠯᠭᠡ ᠶᠢᠨ ᠠᠵᠢᠯ ᠲᠦᠷᠦᠯ ᠤᠨ ᠡᠷᠡᠭᠦᠯ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠨᠥᠯᠥᠭᠡᠯᠡᠯ ᠢ ᠢᠳᠡᠪᠬᠢᠲᠡᠢ ᠠᠷᠭᠠᠴᠠᠭᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠰᠣᠬᠤᠷ ᠬᠥᠮᠥᠨ ᠤ ᠢᠯᠢᠯᠭᠡ ᠶᠢᠨ ᠪᠠᠶᠢᠭᠤᠯᠤᠮᠵᠢ ᠶᠢᠨ ᠬᠥᠭᠵᠢᠯᠲᠡ ᠶᠢ ᠲᠡᠳᠬᠦᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠨᠥᠬᠦᠴᠡᠯ ᠳᠤ ᠨᠡᠶᠢᠴᠡᠬᠦ ᠰᠣᠬᠤᠷ ᠬᠥᠮᠥᠨ ᠤ ᠡᠮᠴᠢᠯᠡᠭᠡᠨ ᠤ ᠢᠯᠢᠯᠭᠡ ᠶᠢᠨ ᠪᠠᠶᠢᠭᠤᠯᠤᠮᠵᠢ ᠶᠢ ᠴᠠᠭ ᠲᠤᠬᠠᠢ ᠳᠤ  ᠨᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠡᠪᠴᠢᠶᠡᠨ ᠳᠤ ᠣᠷᠣᠭᠤᠯᠬᠤ ᠬᠡᠷᠡᠭᠲᠡᠢ ᠃ ᠰᠣᠬᠤᠷ ᠬᠥᠮᠥᠰ ᠤᠨ ᠰᠣᠶᠣᠯ ᠤᠷᠠᠯᠢᠭ᠂ ᠰᠡᠳᠬᠢᠴᠡ ᠶᠢᠨ ᠡᠷᠡᠭᠦᠯ ᠬᠠᠮᠠᠭᠠᠯᠠᠯ ᠪᠠ ᠮᠡᠳᠡᠭᠡ ᠵᠠᠩᠭᠢᠴᠢᠯᠠᠯᠲᠠ ᠶᠢᠨ ᠬᠡᠷᠡᠭᠯᠡᠭᠡᠨ ᠵᠡᠷᠭᠡ ᠬᠦᠷᠢᠶᠡᠨ ᠳᠤ ᠠᠵᠢᠯ ᠣᠯᠬᠤ ᠶᠢ ᠲᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠶᠢᠰᠦ︶ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ︽ᠳᠥᠷᠪᠡᠨ ᠨᠢᠭᠡ︾ ᠠᠵᠢᠯ ᠣᠯᠭᠤᠬᠤ ᠦᠢᠯᠡᠴᠢᠯᠡᠭᠡᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠣᠯᠬᠤ ᠨᠠᠰᠤᠨ ᠳᠤ ᠪᠠᠨ ᠠᠵᠢᠯ ᠣᠯᠣᠭᠠᠳᠤᠢ ᠵᠡᠮᠳᠡᠭᠴᠦᠳ ᠲᠤ ᠨᠠᠭᠠᠲᠤ ᠵᠠᠬ᠎ᠠ ᠳᠤ ᠪᠠᠨ ᠨᠢᠭᠡ ᠤᠳᠠᠭᠠᠨ ᠤ ᠰᠠᠭᠤᠷᠢ ᠮᠡᠳᠡᠭᠡ ᠵᠠᠩᠭᠢ ᠶᠢᠨ ᠬᠠᠷᠭᠤᠭᠤᠯᠤᠯᠲᠠ ᠬᠢᠵᠦ᠂ ᠨᠢᠭᠡ ᠤᠳᠠᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠯᠡᠨ ᠵᠢᠱᠢᠯᠲᠡ ᠥᠷᠨᠢᠭᠦᠯᠵᠦ᠂ ᠨᠢᠭᠡ ᠤᠳᠠᠭᠠᠨ ᠤ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢᠨ ᠪᠦᠷᠢᠳᠬᠡᠨ ᠳᠠᠩᠰᠠᠯᠠᠯᠲᠠ ᠬᠢᠵᠦ᠂ ᠨᠢᠭᠡ ᠤᠳᠠᠭᠠᠨ ᠤ ᠠᠵᠢᠯ ᠣᠯᠭᠤᠬᠤ ᠦᠢᠯᠡᠴᠢᠯᠡᠭᠡᠨ ᠢ ᠥᠷᠨᠢᠭᠦᠯᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠲᠠᠯ᠎ᠠ ᠪᠠᠷ ᠬᠢ ᠬᠠᠪᠰᠤᠷᠤᠨ ᠵᠢᠯᠣᠭᠤᠳᠤᠭᠴᠢ ᠶᠢᠨ ᠡᠩᠨᠡᠭᠡᠨ ᠤ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠢ ᠵᠢᠷᠣᠮᠵᠢᠨᠨᠰᠠᠨ ᠪᠠᠶᠢᠭᠤᠯᠤᠯᠲᠠ ᠪᠠᠨ ᠪᠡᠶᠡᠯᠡᠭᠦᠯᠬᠦ ᠬᠡᠷᠡᠭᠲᠡᠢ ᠃ ᠡᠯ᠎ᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠠᠵᠢᠯ ᠣᠯᠭᠤᠵᠤ ᠦᠢᠯᠡᠰ ᠴᠣᠭᠴᠠᠯᠠᠬᠤ ᠪᠦᠲᠦᠭᠡᠯᠴᠢ ᠰᠡᠳᠬᠢᠮᠵᠢ ᠶᠢᠨ ᠤᠷᠤᠯᠳᠤᠭᠠᠨ ᠪᠠ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠲᠤᠰᠬᠠᠶᠢᠵᠢᠭᠰᠠᠨ ᠬᠢᠷᠢ ᠬᠡᠮᠵᠢᠶ᠎ᠡ ᠥᠨᠳᠥᠷ᠂ ᠦᠢᠯᠡᠴᠢᠯᠡᠬᠦ ᠴᠢᠳᠠᠪᠤᠷᠢ ᠰᠠᠶᠢᠲᠠᠢ ᠵᠡᠮᠳᠡᠭᠴᠦᠳ ᠢ ᠲᠤᠰᠠᠯᠠᠬᠤ ᠨᠡᠶᠢᠭᠡᠮ ᠤᠨ ᠪᠠᠶᠢᠭᠤᠯᠤᠮᠵᠢ ᠶᠢ ᠪᠣᠶᠢᠵᠢᠭᠤᠯᠵᠤ᠂ ᠵᠡᠮᠳᠡᠭᠴᠦᠳ   ᠲᠤ ᠠᠵᠢᠯ ᠣᠯᠭᠤᠵᠤ ᠦᠢᠯᠡᠰ ᠴᠣᠭᠴᠠᠯᠠᠬᠤ ᠲᠠᠯ᠎ᠠ ᠪᠠᠷ ᠬᠢ ᠨᠢᠭᠡ ᠪᠦᠯᠦᠭ ᠵᠢᠷᠤᠮᠯᠠᠨ ᠳᠠᠭᠤᠷᠢᠶᠠᠵᠤ ᠪᠣᠯᠬᠤᠶᠢᠴᠠ ᠳᠡᠯᠭᠡᠷᠡᠭᠦᠯᠬᠦ ᠳᠤ ᠬᠢᠯᠪᠠᠷ ᠲᠥᠷᠥᠯ ᠵᠦᠢᠯ ᠢ ᠰᠣᠩᠭᠤᠨ ᠳᠡᠪᠰᠢᠭᠦᠯᠵᠦ᠂ ᠨᠢᠭᠡ ᠪᠦᠯᠦᠭ ᠵᠡᠮᠳᠡᠭᠴᠦᠳ ᠤᠨ ᠤᠷ᠎ᠠ ᠴᠢᠳᠠᠪᠤᠷᠢ ᠶᠢᠨ ᠮᠠᠰᠲ᠋ᠧᠷ ᠪᠠ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠤᠨ ᠲᠠᠰᠤᠭ ᠢ ᠲᠡᠳᠬᠦᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ︶ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃ ᠵᠡᠮᠳᠡᠭᠴᠦᠳ ᠲᠤ ᠪᠣᠯᠪᠠᠰᠤᠷᠠᠯ ᠬᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠬᠤ ᠬᠦᠰᠡᠯ ᠪᠠ ᠪᠣᠯᠪᠠᠰᠤᠷᠠᠯ ᠭᠦᠷᠲᠡᠬᠦ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠢ ᠬᠠᠪᠰᠤᠷᠴᠤ ᠪᠠᠶᠢᠭᠠᠳ ᠵᠣᠬᠢᠬᠤ ᠠᠵᠢᠯ ᠣᠯᠵᠤ ᠦᠢᠯᠡᠰ ᠴᠣᠭᠴᠠᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠨᠡᠶᠢᠳᠡᠮ ᠬᠦᠷᠲᠡᠭᠡᠬᠦ ᠬᠡᠷᠡᠭᠲᠡᠢ᠃ ᠣᠯᠠᠨ ᠨᠡᠶᠢᠲᠡ ᠶᠢᠨ ᠪᠣᠯᠪᠠᠰᠤᠷᠠᠯ ᠤᠨ ᠪᠠᠶᠢᠭᠤᠯᠤᠮᠵᠢ ᠳᠤ ᠲᠦᠰᠢᠭᠯᠡᠨ᠂ ᠵᠡᠮᠳᠡᠭᠴᠦᠳ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠪᠡᠯᠡ ᠮᠥᠩᠭᠦ ᠪᠠᠨ ᠨᠢᠭᠡᠳᠦᠯᠲᠡᠢ ᠲᠥᠯᠥᠪᠯᠡᠵᠦ ᠪᠠᠶᠢᠭᠠᠳ ᠰᠠᠭᠠᠳ ᠦᠭᠡᠢ ᠪᠠᠷ ᠥᠭᠡᠷᠡᠴᠢᠯᠡᠬᠦ᠂ ᠪᠡᠯᠡᠳᠬᠡᠮᠵᠢ ᠲᠥᠬᠦᠭᠡᠷᠦᠮᠵᠢ᠂ ᠪᠣᠯᠪᠠᠰᠤᠷᠠᠯ ᠤᠨ ᠵᠠᠷᠤᠳᠠᠯ ᠵᠡᠷᠭᠡ ᠲᠠᠯ᠎ᠠ ᠪᠠᠷ ᠵᠣᠬᠢᠮᠵᠢᠲᠠᠢ ᠳᠡᠮᠵᠢᠯᠭᠡ ᠦᠵᠡᠬᠦᠯᠬᠦ ᠬᠡᠷᠡᠭᠲᠡᠢ᠃ ᠨᠥᠬᠦᠴᠡᠯ ᠲᠠᠢ ᠥᠪᠡᠷᠲᠡᠭᠡᠨ ᠵᠠᠰᠠᠬᠤ ᠣᠷᠣᠨ ᠤ ᠳᠤᠮᠳᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠡᠮᠳᠡᠭ ᠰᠣᠷᠣᠭᠴᠢ ᠡᠯᠰᠡᠬᠦ ᠬᠡᠪᠴᠢᠶ᠎ᠡ ᠪᠠᠨ ᠠᠯᠬᠤᠮ ᠠᠯᠬᠤᠮ ᠢᠶᠠᠷ ᠥᠷᠭᠡᠳᠬᠡᠬᠦ ᠶᠢ ᠨᠢ ᠵᠣᠷᠢᠭᠵᠢᠭᠤᠯᠵᠤ᠂ ᠠᠩᠬ᠎ᠠ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠵᠡᠮᠳᠡᠭᠴᠦᠳ ᠢ ᠬᠠᠪᠰᠤᠷᠤᠨ ᠳᠤᠮᠳᠠ ᠪᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠭᠡᠵᠦ᠂ ᠲᠣᠭᠲᠠᠭᠠᠯ ᠶᠣᠰᠣᠭᠠᠷ ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ      ︵ᠨᠢᠭᠡ︶ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠠᠴᠠ ᠲᠦᠷᠦᠭᠦᠯᠡᠵᠦ ᠨᠠᠶᠢᠳᠠᠪᠤᠷᠢᠵᠢᠭᠤᠯᠬᠤ ᠶᠢ ᠠᠳᠬᠤᠵᠤ᠂ ᠡᠯ᠎ᠡ ᠠᠶᠢᠮᠠᠭ ᠬᠤᠲᠠ ᠶᠢᠨ ᠵᠡᠮᠳᠡᠭᠴᠦᠳ ᠤᠨ ᠠᠵᠢᠯ ᠤᠨ ᠵᠥᠪᠯᠡᠯ ᠨᠢ ᠢᠳᠡᠪᠬᠢᠲᠡᠢ ᠬᠠᠮᠵᠢᠯᠴᠠᠨ᠂ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃ ᠮᠠᠨ ᠤ ᠣᠷᠣᠨ ᠤ ᠵᠡᠮᠳᠡᠭᠴᠦᠳ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠡᠮᠦᠨ᠎ᠡ ᠳᠤᠷᠠᠳᠤᠭᠰᠠᠨ ᠠᠷᠪᠠᠨ ᠵᠦᠢᠯ ᠤᠨ ᠠᠵᠢᠯᠯᠠᠭᠠᠨ ᠲᠠᠢ ᠬᠠᠷᠭᠤᠭᠤᠯᠵᠤ  ᠵᠣᠬᠢᠬᠤ ᠲᠥᠷᠥ ᠶᠢᠨ ᠪᠣᠳᠣᠯᠭ᠎ᠠ ᠲᠣᠭᠲᠠᠭᠠᠨ ᠨᠡᠶᠢᠲᠡᠯᠡᠬᠦ ᠬᠡᠷᠡᠭᠲᠡᠢ᠃ ᠠᠵᠢᠯ ᠤᠨ ᠨᠠᠷᠢᠨ ᠬᠠᠭᠤᠳᠠᠰᠤ ᠶᠢ ᠵᠢᠭᠰᠠᠭᠠᠵᠤ᠂ ᠬᠠᠷᠢᠭᠤᠴᠠᠯᠭᠠᠲᠤ ᠰᠠᠯᠠᠭ᠎ᠠ ᠮᠥᠴᠢᠷ᠂ ᠡᠭᠦᠷᠭᠡ ᠬᠠᠷᠠᠯᠲᠠ᠂ ᠪᠡᠶᠡᠯᠡᠭᠦᠯᠬᠦ ᠴᠠᠭ ᠬᠤᠭᠤᠴᠠᠭ᠎ᠠ ᠪᠠᠨ ᠲᠣᠳᠣᠷᠬᠠᠶᠢᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠵᠣᠬᠢᠴᠠᠯᠳᠤᠨ ᠬᠠᠮᠵᠢᠯᠴᠠᠵᠤ᠂ ᠨᠡᠶᠢᠯᠡᠮᠡᠯ ᠬᠦᠴᠦᠨ ᠢ ᠪᠤᠢ ᠪᠣᠯᠭᠠᠨ᠂ ᠵᠡᠮᠳᠡᠭᠴᠦᠳ ᠲᠤ ᠠᠵᠢᠯ ᠣᠯᠭᠤᠬᠤ ᠠᠵᠢᠯ ᠢ ᠢᠳᠡᠪᠬᠢᠲᠡᠢ ᠪᠠᠷ ᠠᠬᠢᠭᠤᠯᠬᠤ ᠬᠡᠷᠡᠭᠲᠡᠢ᠃      ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ  ᠪᠠᠨ ᠲᠡᠭᠦᠯᠳᠡᠷᠵᠢᠭᠦᠯᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂︽ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠲᠦᠷᠦᠭᠦᠯᠡᠨ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠠᠷᠭ᠎ᠠ︾ ᠶᠢᠨ ᠶᠣᠰᠣᠭᠠᠷ᠂ ᠵᠡᠮᠳᠡᠭᠴᠦᠳ ᠤᠨ ᠡᠯᠰᠡᠨ ᠬᠡᠷᠡᠭᠯᠡᠬᠦ ︵ᠤᠷᠢᠬᠤ︶ ᠰᠢᠯᠭᠠᠯᠲᠠ ᠳᠤ ᠣᠷᠤᠯᠴᠠᠬᠤ ᠳᠤ ᠵᠦᠢ ᠵᠣᠬᠢᠰᠲᠠᠢ ᠲᠥᠬᠦᠮ ᠦᠵᠡᠭᠦᠯᠵᠦ᠂ ᠵᠡᠮᠳᠡᠭᠴᠦᠳ ᠤᠨ ᠠᠵᠢᠯ ᠤᠨ ᠪᠠᠶᠢᠷᠢ ᠳᠤ ᠭᠠᠷᠬᠤ ᠪᠡᠶ᠎ᠡ ᠶᠢᠨ ᠪᠠᠶᠢᠴᠠᠭᠠᠯᠲᠠ ᠶᠢᠨ ᠠᠷᠭ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠵᠡᠮᠳᠡᠭᠴᠦᠳ ᠲᠤ ᠬᠠᠷᠢᠴᠠᠯ ᠶᠣᠰᠣᠭᠠᠷ ᠠᠵᠢᠯ ᠣᠯᠭᠤᠬᠤ ᠬᠡᠯᠪᠡᠷᠢ ᠳᠤ ᠰᠢᠨ᠎ᠡ ᠶᠢ ᠡᠭᠦᠳᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠡᠯ᠎ᠡ ᠲᠥᠷᠥᠯ ᠤᠨ ᠦᠢᠯᠡᠴᠢᠯᠡᠭᠡᠨ ᠪᠠ ᠠᠵᠢᠯ ᠮᠡᠷᠭᠡᠵᠢᠯ ᠤᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠪᠡᠭᠡᠵᠢᠩ ᠥᠪᠥᠷ ᠮᠣᠩᠭᠤᠯ ᠵᠡᠮᠳᠡᠭᠴᠦᠳ ᠲᠤ ᠠᠵᠢᠯ ᠣᠯᠭᠤᠬᠤ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠠᠵᠢᠯ ᠠᠴᠠ ᠪᠣᠯᠵᠤ ᠭᠡᠮᠲᠦᠭᠰᠡᠨ ᠵᠡᠮᠳᠡᠭ ᠠᠵᠢᠯᠲᠠᠨ ᠠᠵᠢᠯᠴᠢᠨ ᠢ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠲᠣᠭᠲᠠᠯᠴᠠᠭ᠎ᠠ ᠳᠤ ᠤᠷᠤᠭᠤᠯᠬᠤ ᠬᠡᠷᠡᠭᠲᠡᠢ᠃      ︵ᠭᠤᠷᠪᠠ︶ ᠰᠠᠭᠤᠷᠢ ᠮᠡᠳᠡᠭᠡ ᠵᠠᠩᠭᠢ ᠶᠢ ᠪᠠᠶᠢᠴᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠢᠶᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠪᠠᠨ ᠬᠠᠷᠢᠴᠠᠭᠤᠯᠵᠤ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ  ᠤᠨ ᠥᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ᠂ ᠬᠡᠪᠴᠢᠶ᠎ᠡ ᠵᠢᠴᠢ ᠵᠡᠮᠳᠡᠭᠴᠦᠳ ᠲᠤ ᠠᠵᠢᠯ ᠣᠯᠭᠤᠭᠰᠠᠨ ᠪᠠᠶᠢᠳᠠᠯ ᠢ ᠣᠶᠢᠯᠠᠭᠠᠨ᠂ ᠨᠢᠭᠡ ᠪᠦᠯᠦᠭ ᠬᠥᠮᠥᠨ ᠬᠡᠷᠡᠭᠯᠡᠬᠦ ᠬᠡᠪᠴᠢᠶ᠎ᠡ ᠪᠠᠷ ᠥᠷᠭᠡᠨ᠂ ᠵᠡᠮᠳᠡᠭᠴᠦᠳ ᠲᠤ ᠠᠵᠢᠯ ᠣᠯᠭᠤᠬᠤ ᠨᠢᠭᠤᠭᠳᠠᠮᠠᠯ ᠬᠦᠴᠦᠨ ᠢᠶᠠᠷ ᠭᠦᠢᠴᠡᠳ ᠬᠥᠮᠥᠨ ᠬᠡᠷᠡᠭᠯᠡᠬᠦ ᠨᠢᠭᠡᠴᠢ ᠶᠢ ᠰᠣᠩᠭᠤᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠭᠤᠣᠯᠳᠠᠯᠭ᠎ᠠ ᠪᠣᠯᠬᠤ ᠡᠲᠡᠭᠡᠳ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠢ ᠵᠣᠬᠢᠶᠠᠨ ᠪᠠᠶᠢᠭᠤᠯᠤᠨ ᠪᠥᠬᠦ ᠣᠷᠣᠨ ᠤ ᠠᠵᠢᠯ ᠣᠯᠬᠤ ᠨᠠᠰᠤᠨ ᠳᠤ ᠪᠠᠨ ᠠᠵᠢᠯ ᠣᠯᠣᠭᠠᠳᠤᠢ ᠵᠡᠮᠳᠡᠭᠴᠦᠳ ᠤᠨ ᠰᠠᠭᠤᠷᠢ ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠨ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ ᠲᠤᠭ᠎ᠠ ᠪᠠᠷᠢᠮᠲᠠ ᠪᠠᠨ ᠬᠤᠷᠢᠶᠠᠩᠭᠤᠶᠢᠯᠠᠨ ᠵᠠᠳᠠᠯᠵᠤ᠂ ᠠᠵᠢᠯ ᠮᠡᠷᠭᠡᠵᠢᠯ ᠤᠨ ᠴᠢᠳᠠᠪᠤᠷᠢ ᠶᠢ ᠦᠨᠡᠯᠡᠨ ᠵᠢᠱᠢᠬᠦ᠂ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ ᠪᠦᠷᠢᠳᠬᠡᠨ ᠳᠠᠩᠰᠠᠯᠠᠬᠤ ᠪᠠ ᠠᠵᠢᠯ ᠣᠯᠭᠤᠬᠤ ᠦᠢᠯᠡᠴᠢᠯᠡᠭᠡ ᠵᠡᠷᠭᠡ ᠠᠵᠢᠯ ᠢ ᠥᠷᠨᠢᠭᠦᠯᠬᠦ ᠬᠡᠷᠡᠭᠲᠡᠢ᠃      ︵ᠳᠥᠷᠪᠡ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠪᠣᠯᠪᠠᠰᠤᠷᠠᠯ᠂ ᠠᠵᠢᠯ ᠣᠯᠭᠤᠬᠤ ᠦᠢᠯᠡᠴᠢᠯᠡᠭᠡᠨ᠂ ᠨᠡᠮᠡᠭᠦᠷᠢ ᠥᠭᠴᠦ ᠱᠠᠩᠨᠠᠬᠤ ᠵᠡᠷᠭᠡ ᠬᠠᠮᠢᠶ᠎ᠠ ᠪᠦᠬᠦᠢ ᠪᠡᠯᠡ ᠮᠥᠩᠭᠦᠨ ᠤ ᠣᠷᠣᠭᠤᠯᠤᠯᠲᠠ ᠶᠢ ᠪᠠᠲᠤᠯᠠᠵᠤ᠂ ᠨᠡᠮᠡᠭᠦᠷᠢ ᠥᠭᠬᠦ ᠪᠠ ᠱᠠᠩᠨᠠᠬᠤ ᠪᠠᠷᠢᠮᠵᠢᠶ᠎ᠠ᠂ ᠨᠥᠬᠦᠴᠡᠯ ᠵᠡᠷᠭᠡ ᠠᠭᠤᠯᠭ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠲᠡᠳᠬᠦᠨ ᠲᠡᠮᠵᠢᠬᠦ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠰᠣᠯᠪᠢᠴᠠᠭᠤᠯᠤᠨ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠲᠠᠯ᠎ᠠ ᠪᠠᠷ ᠬᠢ ᠡᠯ᠎ᠡ ᠲᠥᠷᠥᠯ ᠤᠨ ᠬᠠᠪᠰᠤᠷᠤᠨ ᠲᠡᠳᠬᠦᠬᠦ ᠪᠠ ᠪᠣᠯᠪᠠᠰᠤᠷᠠᠯ ᠬᠦᠷᠲᠡᠭᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠠᠯ ᠶᠣᠰᠣᠭᠠᠷ ᠲᠡᠳᠬᠦᠬᠦ ᠬᠡᠷᠡᠭᠲᠡᠢ᠃ ᠬᠠᠷᠢᠴᠠᠯ ᠠᠴᠠ ᠳᠠᠪᠠᠭᠤᠯᠵᠤ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠬᠥᠮᠥᠨ ᠬᠡᠷᠡᠭᠯᠡᠬᠦ ᠨᠢᠭᠡᠴᠢ ᠶᠢ ᠱᠠᠩᠨᠠᠨ ᠬᠥᠬᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ︵ᠲᠠᠪᠤ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ︽ᠵᠡᠮᠳᠡᠭᠴᠦᠳ ᠲᠤ ᠠᠵᠢᠯ ᠣᠯᠭᠤᠬᠤ ᠤᠬᠠᠭᠤᠯᠭ᠎ᠠ ᠶᠢᠨ ᠣᠨ︾ ᠤ ᠠᠵᠢᠯᠯᠠᠭᠠᠨ ᠲᠠᠢ ᠤᠶᠠᠯᠳᠤᠭᠤᠯᠤᠨ᠂ ᠵᠡᠮᠳᠡᠭᠴᠦᠳ ᠲᠤ ᠠᠵᠢᠯ ᠣᠯᠭᠤᠬᠤ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠲᠥᠬᠦᠮ ᠣᠶᠢᠯᠠᠭᠠᠮᠵᠢᠲᠠᠢ᠂ ᠲᠣᠪᠴᠢ ᠠᠪᠰᠠᠷᠬᠠᠨ ᠥᠰᠥᠭ ᠪᠢᠴᠢᠭ᠂ ᠬᠡᠷᠡᠯ ᠵᠢᠷᠤᠭ᠂ ᠸᠢᠳᠢᠤ᠋ ᠬᠡᠯᠪᠡᠷᠢ ᠪᠠᠷ ᠷᠠᠳᠢᠣ᠋ ᠲᠧᠯᠸᠢᠰ᠂ ᠰᠣᠨᠢᠨ᠂ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠨᠡᠶᠢᠭᠡᠮ ᠤᠨ ᠬᠠᠷᠢᠭᠤᠴᠠᠯᠭ᠎ᠠ   ᠪᠠᠨ ᠭᠦᠢᠴᠡᠳᠬᠡᠭᠰᠡᠨ᠂ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠭᠰᠠᠨ ᠨᠡᠶᠢᠲᠡᠯᠢᠭ ᠲᠤᠷᠰᠢᠯᠭ᠎ᠠ ᠵᠡᠷᠭᠡ ᠶᠢ ᠳᠡᠯᠭᠡᠷᠡᠭᠦᠯᠬᠦ ᠬᠡᠷᠡᠭᠲᠡᠢ᠃      ︵ᠵᠢᠷᠭᠤᠭ᠎ᠠ︶ ᠬᠢᠨᠠᠨ ᠰᠢᠨᠵᠢᠵᠦ ᠦᠨᠡᠯᠡᠨ ᠵᠢᠱᠢᠬᠦ ᠠᠵᠢᠯ ᠢ ᠥᠷᠨᠢᠭᠦᠯᠬᠦ ᠬᠡᠷᠡᠭᠲᠡᠢ᠃ ᠲᠣᠰ ᠲᠥᠰᠥᠯ ᠢ ᠬᠡᠷᠡᠭᠵᠢᠭᠦᠯᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠬᠢᠴᠠ ᠶᠢᠨ ᠪᠠᠶᠢᠳᠠᠯ ᠢ ᠲᠣᠬᠢᠷᠠᠭᠤᠯᠬᠤ ᠬᠡᠷᠡᠭᠲᠡᠢ᠃ ᠡᠯ᠎ᠡ ᠠᠶᠢᠮᠠᠭ ᠬᠤᠳᠠ ᠶᠢᠨ ᠵᠡᠮᠳᠡᠭᠴᠦᠳ ᠤᠨ ᠠᠵᠢᠯ ᠤᠨ ᠵᠥᠪᠯᠡᠯ ᠨᠢ ᠵᠢᠯ ᠪᠦᠷᠢ ᠶᠢᠨ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠳᠤ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠬᠦᠯᠬᠦ ᠬᠡᠷᠡᠭᠲᠡᠢ᠃ 2024 ᠣᠨ ᠤ ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠥᠰᠥᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠳ᠋ᠦᠩᠨᠡᠯᠲᠡ ᠪᠠ ᠦᠨᠡᠯᠡᠨ ᠵᠢᠱᠢᠯᠲᠡ ᠬᠢᠬᠦ ᠬᠡᠷᠡᠭᠲᠡᠢ᠃                                                                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                               2022 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ     
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ