ᠨᠢᠭᠡ᠂ ᠠᠬᠤᠢ ᠪᠠᠶᠢᠳᠠᠯ ᠵᠢᠴᠢ ᠠᠴᠢ ᠬᠤᠯᠪᠣᠭᠳᠠᠯ
2015 ᠣᠨ ᠳᠤ᠂ ᠦᠪᠡᠷᠲᠡᠭᠡᠨ ᠵᠠᠰᠠᠬᠤ ᠣᠷᠣᠨ ᠠᠴᠠ ᠮᠠᠨ ᠤ ᠣᠷᠣᠨ ᠤ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠶᠢ ᠵᠢᠷᠤᠮᠵᠢᠭᠤᠯᠬᠤ ᠪᠢᠴᠢᠭ ᠮᠠᠲ᠋ᠧᠷᠢᠶᠠᠯ ᠭᠠᠷᠭᠠᠪᠠ᠃ 2016 ᠣᠨ ᠤ 6 ᠳ᠋ᠤᠭᠠᠷ ᠰᠠᠷ᠎ᠠ ᠶᠢᠨ 24 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠡᠳ᠋ ᠤᠨ ᠵᠠᠰᠠᠭ ᠤᠨ ᠶᠠᠮᠦᠨ ᠠᠴᠠ ︽ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠡᠳ᠋ ᠤᠨ ᠵᠠᠰᠠᠭ ᠤᠨ ᠶᠠᠮᠦᠨ ᠤ ᠵᠠᠷᠯᠢᠭ 32 ᠳ᠋ᠤᠭᠠᠷ ᠲᠣᠭᠠᠲᠤ︶ ᠢ ᠲᠣᠭᠲᠠᠭᠠᠵᠤ ᠳᠠᠷᠤᠮᠠᠯᠯᠠᠨ ᠲᠠᠷᠬᠠᠭᠠᠭᠠᠳ ᠤᠤᠯ ᠤᠨ ︽ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠦᠮᠴᠢᠯᠡᠬᠦ ᠡᠷᠬᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠡᠳ᠋ ᠤᠨ ᠵᠠᠰᠠᠭ ᠤᠨ ᠶᠠᠮᠦᠨ ᠤ ᠵᠠᠷᠯᠢᠭ 3 ᠳ᠋ᠤᠭᠠᠷ ᠲᠣᠭᠠᠲᠤ︶ ᠶᠢ ᠬᠦᠴᠦᠨ ᠦᠭᠡᠢ ᠪᠣᠯᠭᠠᠪᠠ᠃ 2018 ᠣᠨ ᠤ 6 ᠳ᠋ᠤᠭᠠᠷ ᠰᠠᠷ᠎ᠠ ᠶᠢᠨ 1 ᠤ ᠡᠳᠦᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠢ ᠵᠢᠩᠬᠢᠨᠢ ᠪᠠᠷ ᠡᠬᠢᠯᠡᠨ ᠬᠡᠷᠡᠭᠵᠢᠭᠦᠯᠪᠡ᠃ ᠡᠳᠡᠭᠡᠷ ᠳᠡᠭᠡᠳᠦ ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠤ ᠬᠤᠪᠢᠷᠠᠯᠲᠠ ᠭᠠᠷᠤᠭᠰᠠᠨ ᠪᠠᠶᠢᠳᠠᠯ ᠳᠤ ᠰᠠᠭᠤᠷᠢᠯᠠᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠪᠢᠴᠢᠭ ᠮᠠᠲ᠋ᠧᠷᠢᠶᠠᠯ ᠳᠤ ᠵᠠᠰᠠᠪᠤᠷᠢ ᠣᠷᠤᠭᠤᠯᠬᠤ ᠴᠢᠬᠤᠯᠠᠲᠠᠢ ᠪᠣᠯᠪᠠ᠃ ᠡᠭᠦᠨ ᠤ ᠬᠠᠮᠲᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠤ ᠲᠦᠪᠯᠡᠷᠡᠭᠦᠯᠦᠨ ᠴᠡᠭᠴᠡᠯᠡᠵᠦ ᠵᠠᠰᠠᠬᠤ ᠶᠠᠪᠤᠴᠠ ᠳᠤ ᠢᠯᠡᠷᠡᠭᠦᠯᠦᠭᠰᠡᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠮᠴᠢᠯᠡᠬᠦ ᠡᠷᠬᠡ ᠶᠢ ᠰᠢᠯᠵᠢᠭᠦᠯᠦᠨ ᠥᠭᠬᠦ ᠬᠡᠯᠪᠡᠷᠢ ᠪᠠᠷ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠡᠯᠪᠡᠷᠢ ᠶᠢ ᠨᠢ ᠦᠭᠡᠷᠡᠲᠦᠭᠦᠯᠦᠨ ᠳᠣᠣᠷ᠎ᠠ ᠦᠨ᠎ᠡ ᠪᠠᠷ ᠰᠢᠯᠵᠢᠭᠦᠯᠦᠨ ᠥᠭᠬᠦ ᠠᠰᠠᠭᠤᠳᠠᠯ ᠳᠤ ᠴᠢᠭᠯᠡᠭᠦᠯᠵᠦ᠂ ᠲᠡᠭᠦᠨ ᠢ ᠵᠢᠷᠤᠮᠵᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ 2020 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠦᠬᠦᠢ ᠤᠴᠢᠷ ᠤᠨ ᠲᠤᠬᠠᠶ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ 31 ᠳ᠋ᠦ᠋ᠭᠡᠷ ᠲᠣᠭᠠᠲᠤ︶ ᠢ ᠳᠠᠷᠤᠮᠠᠯᠯᠠᠨ ᠶᠠᠪᠤᠭᠤᠯᠪᠠ᠃ ᠡᠳᠦᠭᠡ ᠠᠭᠤᠯᠭ᠎ᠠ ᠳᠤ ᠨᠢ ᠳᠠᠷᠠᠭᠠᠬᠢ ᠮᠡᠲᠦ ᠲᠠᠶᠢᠯᠤᠮᠵᠢ ᠬᠢᠪᠡ᠃
ᠬᠤᠶᠠᠷ᠂ ᠭᠤᠣᠯ ᠠᠭᠤᠯᠭ᠎ᠠ
ᠲᠣᠬᠢᠷᠠᠭᠤᠯᠤᠨ ᠬᠡᠷᠡᠭᠯᠡᠬᠦ ᠬᠡᠪᠴᠢᠶ᠎ᠡ᠄ ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ᠃
ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ᠄ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠷᠢᠶ᠎ᠠ ᠰᠠᠯᠠᠭ᠎ᠠ ᠮᠥᠴᠢᠷ ᠨᠢᠭᠡᠴᠢ ︵ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠢ ᠪᠠᠭᠲᠠᠨ᠎ᠠ︶ ᠨᠦᠭᠦᠳ ᠲᠦᠷᠥ ᠤᠯᠤᠰ ᠤᠨ ᠡᠮᠦᠨ᠎ᠡ ᠠᠴᠠ ᠪᠡᠯᠡ ᠭᠠᠷᠭᠠᠭᠰᠠᠨ ᠤᠯᠤᠰ ᠤᠨ ᠦᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠦᠮᠴᠢᠯᠡᠯᠲᠦ ᠬᠤᠪᠢᠴᠠᠭ᠎ᠠ ᠶᠢ ᠡᠵᠡᠮᠳᠡᠭᠰᠡᠨ ᠠᠵᠤ ᠠᠬᠤᠶᠢᠯᠠᠯ ᠪᠠ ᠤᠯᠤᠰ ᠠᠴᠠ ᠪᠣᠳᠠᠲᠠᠶ ᠡᠵᠡᠮᠳᠡᠵᠦ ᠪᠠᠶᠢᠭ᠎ᠠ ᠠᠵᠤ ᠠᠬᠤᠶᠢᠯᠠᠯ ᠢ ᠵᠢᠭᠠᠵᠤ ᠪᠤᠶ᠃
365赢多少钱会被限额_国内有真正的365平台吗_365bet博彩官网
ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ᠄ ᠤᠯᠤᠰ ᠤᠨ ᠦᠮᠴᠢᠯᠠᠯᠲᠤ ᠠᠵᠤ ᠠᠬᠤᠶᠢᠯᠠᠯ ᠬᠤᠳᠠᠯᠳᠤᠬᠤ᠂ ᠦᠨ᠎ᠡ ᠲᠣᠭᠲᠠᠭᠠᠨ ᠪᠡᠯᠡ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠶᠣᠰᠣᠭᠠᠷ ᠣᠯᠤᠭᠰᠠᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠪᠠᠨ ᠰᠢᠯᠵᠢᠭᠦᠯᠬᠦ ᠦᠢᠯᠡ ᠠᠵᠢᠯᠯᠠᠭ᠎ᠠ ᠶᠢ ᠵᠢᠭᠠᠵᠤ ᠪᠣᠢ᠃
◆ ◆ ◆ ◆ ◆ ◆ ◆ ◆ ◆ ◆ ◆ ◆
★ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠪᠤᠰᠤᠳ ᠬᠦᠮᠦᠨ ᠦᠨ᠎ᠡ ᠲᠥᠯᠥᠪᠦᠷᠢ ᠦᠭᠡᠶ ᠪᠠᠷ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃
★ ᠰᠲ᠋ᠣᠺ ᠤᠨ ᠡᠷᠬᠡ ᠶᠢᠨ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠦᠨ᠎ᠡ ᠲᠥᠯᠥᠪᠦᠷᠢ ᠦᠭᠡᠶ ᠪᠤᠶᠤ ᠳᠣᠤᠷ᠎ᠠ ᠦᠨ᠎ᠡ ᠪᠠᠷ ᠰᠢᠯᠵᠢᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃
★ ᠨᠡᠭᠦᠷᠡᠰᠦ ᠳᠤ ᠬᠤᠯᠪᠣᠭᠳᠠᠭᠰᠠᠨ ᠤᠯᠤᠰ ᠤᠨ ᠦᠮᠴᠢᠯᠠᠯᠲᠤ ᠠᠵᠤ ᠠᠬᠤᠶᠢᠯᠠᠯ ᠨᠢ ᠰᠲ᠋ᠣᠺ ᠤᠨ ᠡᠷᠬᠡ ᠶᠢᠨ ᠬᠠᠮᠲᠤᠷᠠᠯᠴᠠᠭ᠎ᠠ ᠥᠷᠨᠢᠭᠦᠯᠦᠭᠰᠡᠨ ᠪᠠᠶᠢᠪᠠᠯ᠂ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠳᠦᠷᠢᠮ ᠢ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠬᠤᠯᠪᠣᠭᠳᠠᠭᠰᠠᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠡᠷᠬᠡᠪᠰᠢ ᠦᠨᠡᠯᠡᠨ ᠵᠢᠱᠢᠬᠦ ᠬᠡᠪᠴᠢᠶᠡᠨ ᠳᠤ ᠣᠷᠤᠭᠤᠯᠬᠤ ᠶᠢᠨ ᠬᠠᠮᠲᠤ᠂ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠦᠨᠡᠯᠡᠨ ᠵᠢᠱᠢᠬᠦ ᠬᠢᠷᠢ ᠴᠢᠳᠠᠮᠵᠢ ᠲᠠᠢ ᠵᠠᠭᠤᠴᠢ ᠪᠠᠶᠢᠭᠤᠯᠤᠮᠵᠢ ᠪᠠᠷ ᠦᠨᠡᠯᠡᠨ ᠵᠢᠱᠢᠭᠦᠯᠵᠦ ᠦᠨ᠎ᠡ ᠲᠣᠭᠲᠠᠭᠠᠯᠭᠠᠬᠤ ᠬᠡᠷᠡᠭᠲᠡᠶ᠃
◆ ◆ ◆ ◆ ◆ ◆ ◆ ◆ ◆ ◆ ◆ ◆
ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠰᠢᠯᠵᠢᠭᠦᠯᠦᠨ ᠥᠭᠬᠦ ᠳᠤ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠪᠠ ᠥᠷᠢᠰᠥᠯᠳᠦᠭᠡᠨ ᠡᠮᠬᠢ ᠵᠢᠷᠤᠮ ᠲᠠᠢ ᠪᠠᠶᠢᠬᠤ ᠵᠠᠷᠴᠢᠮ ᠢᠶᠠᠷ ᠶᠠᠪᠤᠭᠳᠠᠭᠤᠯᠬᠤ ᠬᠡᠷᠡᠭᠲᠡᠶ᠃
ᠠᠭᠤᠷᠬᠠᠶ ᠬᠠᠶᠢᠬᠤ ᠡᠷᠬᠡ ᠪᠤᠶᠤ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠦᠨ ᠥᠭᠬᠦ ᠶᠢ ᠬᠦᠯᠢᠶᠡᠨ ᠠᠪᠤᠭᠴᠢ ᠨᠢ ᠠᠭᠤᠷᠬᠠᠶ ᠬᠠᠶᠢᠬᠤ ᠡᠷᠬᠡ ᠪᠣᠯᠣᠨ ᠠᠭᠤᠷᠬᠠᠶ ᠮᠠᠯᠲᠠᠬᠤ ᠡᠷᠬᠡᠲᠦ ᠬᠥᠮᠦᠨ ᠤ ᠬᠠᠤᠯᠢ ᠪᠠᠷ ᠲᠣᠭᠲᠠᠭᠠᠭᠰᠠᠨ ᠬᠢᠷᠢ ᠴᠢᠳᠠᠮᠵᠢ ᠶᠢᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃
ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠡᠵᠡᠮᠳᠡᠵᠦ ᠪᠠᠶᠢᠭ᠎ᠠ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠬᠡᠰᠡᠭ ᠢᠶᠠᠷ ᠬᠤᠪᠢᠶᠠᠨ ᠰᠢᠯᠵᠢᠭᠦᠯᠦᠨ ᠥᠭᠴᠦ ᠪᠣᠯᠬᠤ ᠦᠭᠡᠢ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠰᠠᠯᠭᠠᠨ ᠲᠤᠰᠠᠭᠠᠷᠯᠠᠬᠤ ᠪᠠᠷ ᠭᠦᠢᠴᠡᠳᠭᠡᠭᠰᠡᠨ ᠪᠣᠯ᠂ ᠰᠠᠯᠭᠠᠭᠰᠠᠨ ᠤ ᠳᠠᠷᠠᠭᠠᠬᠢ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ ᠡᠷᠬᠡ ᠶᠢ ᠲᠤᠰᠠᠭᠠᠷ ᠨᠢ ᠲᠤᠰ ᠲᠤᠰ ᠲᠤ ᠨᠢ ᠰᠢᠯᠵᠢᠭᠦᠯᠦᠨ ᠥᠭᠴᠦ ᠪᠣᠯᠬᠤ ᠦᠭᠡᠶ᠃
ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠰᠢᠯᠵᠢᠭᠦᠯᠦᠨ ᠥᠭᠬᠦ ᠳᠤ ᠬᠤᠯᠪᠣᠭᠳᠠᠬᠤ ᠫᠠᠶᠢᠰᠠ ᠡᠯᠭᠦᠨ ᠦᠨ᠎ᠡ ᠲᠣᠭᠲᠠᠭᠠᠬᠤ᠂ ᠫᠠᠶᠢᠰᠠ ᠡᠯᠭᠦᠬᠦ ᠬᠤᠭᠤᠴᠠᠭ᠎ᠠ ᠬᠢᠵᠠᠭᠠᠷ ᠵᠢᠴᠢ ᠦᠨ᠎ᠡ ᠬᠠᠩᠰᠢ ᠶᠢᠨ ᠵᠣᠭᠤᠰ ᠢ ᠥᠭᠬᠦ ᠠᠷᠭ᠎ᠠ ᠮᠠᠶ᠋ᠢᠭ ᠵᠡᠷᠭᠡ ᠳᠤ᠂ ︽ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃
ᠭᠤᠷᠪᠠ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠴᠤᠪᠤᠷᠠᠯ
ᠲᠤᠳᠤᠭᠠᠲᠤ ᠶᠢᠨ ᠰᠢᠢᠳᠪᠦᠷᠢᠲᠦ ᠪᠣᠳᠣᠯᠭ᠎ᠠ᠃ ᠠᠵᠤ ᠠᠬᠤᠶᠢᠯᠠᠯ ᠤᠨ ᠳᠦᠷᠢᠮ ᠲᠣᠭᠲᠠᠭᠠᠯ ᠪᠠ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠦᠨᠳᠦᠰᠦᠯᠡᠨ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠪᠢᠴᠢᠭ ᠤᠨ ᠬᠡᠯᠪᠡᠷᠢ ᠪᠠᠷ ᠰᠢᠢᠳᠪᠦᠷᠢ ᠭᠠᠷᠭᠠᠬᠤ ᠬᠡᠷᠡᠭᠲᠡᠢ᠃
2. ᠬᠢᠨᠠᠨ ᠵᠥᠪᠰᠢᠶᠡᠷᠡᠬᠦ ᠶᠢ ᠭᠦᠢᠴᠡᠳᠭᠡᠬᠦ᠃ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠣᠭᠲᠠᠭᠠᠯ ᠵᠢᠴᠢ ︽ᠠᠭᠤᠷᠬᠠᠶ ᠬᠠᠶᠢᠬᠤ ᠡᠷᠬᠡ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠵᠥᠪᠰᠢᠶᠡᠷᠡᠭᠦᠯᠬᠦ ᠪᠠᠷ ᠮᠡᠳᠡᠭᠦᠯᠬᠦ ᠬᠡᠷᠡᠭᠲᠡᠢ᠃
3. ᠪᠡᠯᠡ ᠬᠦᠷᠦᠩᠭᠡ ᠶᠢ ᠦᠨᠡᠯᠡᠨ ᠵᠢᠱᠢᠬᠦ᠃ ᠠᠭᠤᠷᠬᠠᠶ ᠶᠢᠨ ᠠᠵᠢᠯ ᠲᠦᠷᠦᠯ ᠤᠨ ᠡᠷᠬᠡ ᠲᠠᠢ ᠠᠵᠤ ᠠᠬᠤᠶᠢᠯᠠᠯ ᠨᠢ ︽ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠦᠨᠡᠯᠡᠨ ᠵᠢᠱᠢᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠠᠭᠤᠷᠬᠠᠶ ᠶᠢᠨ ᠠᠵᠢᠯ ᠲᠦᠷᠦᠯ ᠤᠨ ᠡᠷᠬᠡ ᠶᠢᠨ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠤᠬᠢᠬᠤ ᠬᠢᠷᠢ ᠴᠢᠳᠠᠮᠵᠢ ᠲᠠᠢ ᠵᠠᠭᠤᠴᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠵᠦ᠂ ᠦᠨᠡᠯᠡᠨ ᠵᠢᠱᠢᠭᠰᠡᠨ ᠮᠡᠳᠡᠭᠦᠯᠦᠯᠲᠡ ᠳᠤ ᠬᠠᠷᠭᠤᠭᠤᠯᠤᠨ ᠵᠥᠪᠰᠢᠶᠡᠷᠡᠬᠦ ᠪᠤᠶᠤ ᠳᠠᠩᠰᠠᠯᠠᠭᠤᠯᠬᠤ ᠵᠢᠷᠤᠮ ᠢ ᠭᠦᠢᠴᠡᠳᠭᠡᠬᠦ ᠬᠡᠷᠡᠭᠲᠡᠢ᠃
4. ᠠᠷᠠᠯᠵᠢᠶᠠᠯᠠᠬᠤ ᠲᠠᠯᠠᠪᠤᠷ ᠲᠤ ᠠᠷᠠᠯᠵᠢᠶᠠᠯᠠᠬᠤ᠃ ᠬᠠᠮᠢᠶ᠎ᠠ ᠪᠦᠬᠦᠢ ᠲᠣᠭᠲᠠᠭᠠᠯ ᠶᠣᠰᠣᠭᠠᠷ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ ᠪᠠ ᠵᠦᠪᠯᠡᠯᠴᠡᠭᠡᠷ ᠢᠶᠠᠷ ᠰᠢᠯᠵᠢᠭᠦᠯᠦᠨ ᠥᠭᠬᠦ ᠪᠠᠶᠢᠳᠠᠯ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠰᠤᠩᠭᠤᠨ ᠲᠣᠭᠲᠠᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠠᠷᠠᠯᠵᠢᠶᠠᠯᠠᠬᠤ ᠬᠢᠷᠢ ᠴᠢᠳᠠᠮᠵᠢ ᠲᠠᠢ ᠥᠮᠴᠢᠯᠡᠬᠦ ᠡᠷᠬᠡ ᠶᠢᠨ ᠠᠷᠠᠯᠵᠢᠶᠠᠯᠠᠬᠤ ᠪᠠᠶᠢᠭᠤᠯᠤᠮᠵᠢ ᠳᠤ ᠢᠯᠡ ᠪᠠᠷ ᠶᠠᠪᠤᠭᠳᠠᠭᠤᠯᠬᠤ ᠬᠡᠷᠡᠭᠲᠡᠶ᠃
5. ᠡᠷᠬᠡ ᠬᠠᠷᠢᠶᠠᠯᠠᠯ ᠢ ᠨᠢ ᠬᠤᠪᠢᠷᠠᠭᠤᠯᠬᠤ᠃ ᠥᠮᠴᠢᠯᠡᠬᠦ ᠡᠷᠬᠡ ᠶᠢᠨ ᠠᠷᠠᠯᠵᠢᠶᠠᠯᠠᠬᠤ ᠪᠠᠶᠢᠭᠤᠯᠤᠮᠵᠢ ᠶᠢᠨ ᠭᠠᠷᠭᠠᠨ ᠥᠭᠭᠦᠭᠰᠡᠨ ᠥᠮᠴᠢᠯᠡᠬᠦ ᠡᠷᠬᠡ ᠶᠢᠨ ᠠᠷᠠᠯᠵᠢᠶᠠᠯᠠᠬᠤ ᠭᠡᠷᠡᠴᠢ ᠪᠠᠷᠢᠮᠲᠠ ᠵᠡᠷᠭᠡ ᠪᠢᠴᠢᠭ ᠮᠠᠲ᠋ᠧᠷᠢᠶᠠᠯ ᠢ ᠠᠪᠴᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠳᠡᠰ ᠳᠠᠷᠠᠭᠠᠯᠠᠯ ᠢ ᠬᠠᠤᠯᠢ ᠪᠠ ᠲᠣᠭᠲᠠᠭᠠᠯ ᠶᠣᠰᠣᠭᠠᠷ ᠭᠦᠢᠴᠡᠳᠭᠡᠬᠦ ᠬᠡᠷᠡᠭᠲᠡᠶ᠃
365赢多少钱会被限额_国内有真正的365平台吗_365bet博彩官网
ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠪᠡᠯᠡ
ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠠᠴᠠ ᠦᠢᠯᠡᠳᠪᠡ