︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

        ﹃ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠠᠩᠬᠠᠷᠴᠤ᠂ ᠪᠦᠬᠦ ᠨᠡᠶᠢᠭᠡᠮ ᠤᠨ ᠵᠡᠮᠳᠡᠭ ᠪᠣᠯᠬᠤ ᠠᠴᠠ ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠶ᠎ᠡ ﹄︽ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠤᠨ ᠦᠨᠳᠦᠰᠦᠯᠡᠯᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ︽ᠵᠡᠮᠳᠡᠭᠴᠦᠳ ᠤᠨ ᠦᠢᠯᠡᠰ ᠢ ᠬᠥᠭᠵᠢᠭᠦᠯᠵᠦ᠂ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠢ ᠴᠢᠩᠭᠠᠳᠬᠠᠬᠤ ᠬᠡᠷᠡᠭᠲᠡᠢ︾ ᠭᠡᠵᠦ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠠᠴᠠ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠡᠮᠳᠡᠭᠴᠦᠳ ᠤᠨ ᠦᠢᠯᠡᠰ ᠪᠠ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠪᠦᠬᠦᠨ ᠲᠡᠭᠦᠨ ᠤ ᠴᠢᠬᠤᠯᠠ ᠪᠦᠷᠢᠯᠳᠦᠭᠦᠨ ᠬᠡᠰᠡᠭ ᠪᠣᠯᠣᠨ᠎ᠠ︾ ᠭᠡᠵᠦ ᠭᠦᠨᠵᠡᠭᠡᠢ ᠵᠢᠭᠠᠵᠤ ᠭᠠᠷᠭᠠᠭᠰᠠᠨ ᠪᠦᠭᠡᠳ ︽ᠪᠦᠬᠦ ᠨᠡᠶᠢᠭᠡᠮ ᠤᠨ ᠵᠡᠮᠳᠡᠭ ᠪᠣᠯᠬᠤ ᠠᠴᠠ ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠵᠡᠮᠳᠡᠭᠴᠦᠳ ᠤᠨ ᠡᠷᠡᠭᠦᠯ ᠮᠡᠨᠳᠦ ᠶᠢ ᠴᠢᠬᠤᠯᠠᠴᠢᠯᠠᠨ᠂ ᠵᠡᠮᠳᠡᠭᠴᠦᠳ ᠲᠤ ︿ᠬᠦᠮᠦᠨ ᠪᠦᠬᠦᠨ ᠡᠷᠡᠭᠦᠯᠵᠢᠭᠦᠯᠬᠦ ᠦᠢᠯᠡᠴᠢᠯᠡᠭᠡᠨ ᠣᠯᠵᠤ ᠬᠦᠷᠲᠡᠭᠡᠬᠦ﹀ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ︾ ᠭᠡᠵᠦ ᠴᠢᠩᠭᠠᠳᠬᠠᠪᠠ᠃ ᠶᠡᠷᠦᠩᠬᠡᠢ ᠰᠠᠶᠢᠳ ᠯᠢ ᠺᠧ ᠴᠢᠶᠠᠩ ᠠᠴᠠ ︽ᠨᠡᠩ ᠪᠤᠲᠠᠲᠠᠢ᠂ ᠨᠡᠩ ᠴᠢᠭᠯᠡᠭᠦᠯᠦᠯᠲᠦ ᠴᠢᠨᠠᠷᠲᠠᠢ᠂ ᠨᠡᠩ ᠬᠦᠮᠦᠨᠴᠢ ᠬᠠᠯᠠᠮᠵᠢᠯᠠᠯ ᠤᠨ ᠠᠷᠭ᠎ᠠ ᠬᠡᠮᠵᠢᠶ᠎ᠡ ᠨᠦᠭᠦᠳ ᠢ ᠠᠪᠴᠤ ᠪᠠᠶᠢᠭᠠᠳ ᠡᠯ᠎ᠡ ᠲᠦᠷᠦᠯ ᠤᠨ ᠵᠡᠮᠳᠡᠭᠴᠦᠳ ᠤᠨ ᠪᠡᠶ᠎ᠡ ᠮᠠᠬᠠᠪᠤᠳ ᠤᠨ ᠡᠷᠡᠭᠦᠯᠵᠢᠯ᠂ ᠰᠤᠷᠭᠠᠨ ᠬᠦᠮᠦᠵᠢᠯ ᠠᠵᠢᠯ ᠣᠯᠭᠤᠯᠲᠠ᠂ ᠡᠷᠬᠡ ᠠᠰᠢᠭ ᠤᠨ ᠪᠠᠲᠤᠯᠠᠭ᠎ᠠ ᠵᠡᠷᠭᠡ ᠲᠠᠯ᠎ᠠ ᠪᠠᠷ ᠣᠷᠤᠰᠢᠵᠤ ᠪᠠᠶᠢᠭ᠎ᠠ ᠬᠦᠴᠢᠷᠳᠡᠯ ᠢ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ︾ ᠭᠡᠵᠦ ᠱᠠᠭᠠᠷᠳᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠴᠢᠩᠭᠠᠳᠬᠠᠬᠤ ᠶᠢᠨ ᠲᠤᠰᠠᠳᠠ᠂ 2020 ᠣᠨ ᠤ 7 ᠳ᠋ᠤᠭᠠᠷ ᠰᠠᠷ᠎ᠠ ᠶᠢᠨ 31 ᠤ ᠡᠳᠦᠷ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠠᠴᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃〖 ᠠᠰᠠᠭᠤᠯᠲᠠ ᠬᠠᠷᠢᠭᠤᠯᠬᠤ ᠬᠡᠰᠡᠭ 〗◆ ᠨᠢᠭᠡ᠂ ︽ᠠᠷᠭ᠎ᠠ︾ ᠶᠢ ᠨᠡᠶᠢᠲᠡᠯᠡᠭᠰᠡᠨ ᠤ ᠵᠣᠷᠢᠯᠭ᠎ᠠ ᠨᠢ ᠶᠠᠭᠤ ᠪᠣᠢ︖ᠮᠠᠨ ᠤ ᠣᠷᠣᠨ ᠳᠤ ᠵᠡᠮᠳᠡᠭ ᠬᠦᠮᠦᠨ ᠣᠳᠣ 158.58 ᠲᠦᠮᠡ ᠪᠠᠶᠢᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠵᠡᠮᠳᠡᠭᠴᠦᠳ ᠢ ᠴᠢᠨᠡᠭᠡᠯᠢᠭ ᠪᠣᠯᠭᠠᠬᠤ ᠨᠢ ᠳᠤᠳᠠᠭᠳᠠᠵᠤ ᠪᠣᠯᠣᠰᠢ ᠦᠭᠡᠢ ᠨᠢᠭᠡ ᠬᠡᠰᠡᠭ ᠪᠣᠯᠣᠨ᠎ᠠ᠃ ᠵᠡᠮᠳᠡᠭ ᠪᠤᠯᠬᠤ ᠠᠴᠠ ᠪᠦᠲᠦᠮᠵᠢᠲᠡᠶ ᠰᠡᠷᠭᠡᠶᠢᠯᠡᠵᠦ᠂ ᠵᠡᠮᠳᠡᠭ ᠪᠣᠯᠬᠤ ᠪᠠᠶᠢᠳᠠᠯ ᠢ ᠪᠠᠭᠠᠰᠬᠠᠬᠤ ᠶᠢᠨ ᠲᠤᠰᠠᠳᠠ᠂ ᠵᠡᠮᠳᠡᠭᠴᠦᠳ ᠢ ᠬᠠᠪᠰᠤᠷᠴᠤ ᠬᠦᠴᠦᠨ ᠴᠢᠳᠠᠮᠵᠢ ᠶᠢ ᠨᠢ ᠰᠡᠷᠭᠦᠭᠡᠬᠦ ᠪᠤᠶᠤ ᠨᠥᠬᠦᠪᠦᠷᠢᠯᠡᠨ᠂ ᠵᠡᠮᠳᠡᠭᠴᠦᠳ ᠤᠨ ᠡᠷᠬᠡ ᠲᠡᠭᠰᠢ ᠪᠠᠷ ᠨᠡᠶᠢᠭᠡᠮ ᠤᠨ ᠠᠮᠢᠳᠤᠷᠠᠯ ᠳᠤ ᠭᠦᠢᠴᠡᠳ ᠣᠷᠣᠯᠴᠠᠬᠤ ᠶᠢ ᠠᠬᠢᠭᠤᠯᠵᠤ᠂ ᠮᠠᠨ ᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠲᠤᠰ ︽ᠠᠷᠭ᠎ᠠ︾ ᠶᠢ ᠲᠣᠭᠲᠠᠭᠠᠪᠠ᠃〖 ᠲᠠ ᠠᠰᠠᠭᠤᠵᠤ ᠪᠢ ᠬᠠᠷᠢᠭᠤᠯᠤᠶ᠎ᠠ 〗◆ ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ ᠨᠢ ᠶᠠᠭᠤ ᠶᠠᠭᠤ ᠪᠠᠶᠢᠬᠤ ᠪᠣᠢ︖︽ᠠᠷᠭ᠎ᠠ︾ ᠳᠤ ᠶᠡᠷᠦᠩᠬᠡᠢ ᠳᠦᠷᠢᠮ᠂ ᠵᠡᠮᠳᠡᠭ ᠪᠣᠯᠬᠤ ᠠᠴᠠ ᠰᠡᠷᠭᠡᠶᠢᠯᠡᠬᠦ᠂ ᠡᠷᠡᠭᠦᠯᠵᠢᠭᠦᠯᠬᠦ ᠦᠢᠯᠡᠴᠢᠯᠡᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠳᠠᠭᠠᠯᠳᠤᠭᠤᠯᠤᠯ ᠳᠦᠷᠢᠮ ᠵᠡᠷᠭᠡ ᠲᠠᠪᠤᠨ ᠲᠠᠯ᠎ᠠ ᠶᠢᠨ ᠠᠭᠤᠯᠭ᠎ᠠ ᠪᠠᠭᠲᠠᠵᠤ ᠪᠣᠢ᠃◆ ᠭᠤᠷᠪᠠ᠂ ᠵᠡᠮᠳᠡᠭ ᠪᠣᠯᠬᠤ ᠠᠴᠠ ᠰᠡᠷᠭᠡᠶᠢᠯᠡᠬᠦ ᠭᠡᠳᠡᠭ ᠨᠢ ᠶᠠᠭᠤ ᠶᠢ ᠬᠡᠯᠡᠵᠦ ᠪᠠᠶᠢᠬᠤ ᠪᠣᠢ︖ᠲᠣᠰ ᠠᠷᠭ᠎ᠠ ᠳᠤ ᠬᠡᠯᠡᠵᠦ ᠪᠠᠶᠢᠭ᠎ᠠ ᠵᠡᠮᠳᠡᠭ ᠪᠣᠯᠬᠤ ᠠᠴᠠ ᠰᠡᠷᠭᠡᠶᠢᠯᠡᠬᠦ ᠭᠡᠳᠡᠭ ᠨᠢ ᠡᠯ᠎ᠡ ᠵᠦᠢᠯ ᠤᠨ ᠵᠡᠮᠳᠡᠭ ᠡᠭᠦᠰᠭᠡᠬᠦ ᠡᠯᠧᠮᠧᠨ᠋ᠲ ᠲᠤ ᠴᠢᠭᠯᠡᠭᠦᠯᠦᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠤᠪᠢ ᠪᠡᠶ᠎ᠡ ᠶᠢᠨ ᠬᠢᠨᠢ ᠰᠡᠳᠬᠢᠴᠡ᠂ ᠮᠠᠬᠠᠪᠣᠳ᠂ ᠪᠡᠶ᠎ᠡ ᠮᠠᠬᠠᠪᠤᠳ ᠤᠨ ᠪᠦᠲᠦᠴᠡ ᠶᠢᠨ ᠲᠠᠯ᠎ᠠ ᠪᠠᠷ ᠬᠢ ᠶᠠᠮᠠᠷ ᠨᠢᠭᠡᠨ ᠨᠡᠬᠡᠳᠡᠰᠦ᠂ ᠬᠦᠴᠦᠨ ᠴᠢᠳᠠᠮᠵᠢ ᠨᠢ ᠮᠠᠭᠤᠳᠠᠬᠤ ᠪᠤᠶᠤ ᠬᠡᠪ ᠤᠨ ᠪᠤᠰᠤ ᠪᠠᠶᠢᠳᠠᠯ ᠭᠠᠷᠬᠤ ᠠᠴᠠ ᠵᠠᠶᠢᠳᠠᠭᠤᠯᠵᠤ᠂ ᠨᠡᠶᠢᠭᠡᠮ ᠤᠨ ᠠᠵᠢᠯᠯᠠᠭ᠎ᠠ ᠳᠤ ᠬᠡᠪ ᠤᠨ ᠪᠠᠶᠢᠳᠠᠯ ᠢᠶᠠᠷ ᠣᠷᠣᠯᠴᠠᠬᠤ ᠴᠢᠳᠠᠪᠤᠷᠢ ᠪᠠᠨ ᠪᠦᠬᠦᠨ ᠢ ᠪᠤᠶᠤ ᠬᠡᠰᠡᠭ ᠲᠠᠯ᠎ᠠ ᠪᠠᠷ ᠠᠯᠳᠠᠬᠤ ᠠᠴᠠ ᠰᠡᠷᠭᠡᠶᠢᠯᠡᠬᠦ ᠶᠢ ᠵᠢᠭᠠᠵᠤ ᠪᠣᠢ᠃◆ ᠳᠥᠷᠪᠡ᠂ ᠵᠡᠮᠳᠡᠭᠴᠦᠳ ᠢ ᠡᠷᠡᠭᠦᠯᠵᠢᠭᠦᠯᠬᠦ ᠭᠡᠳᠡᠭ ᠨᠢ ᠶᠠᠭᠤ ᠶᠢ ᠬᠡᠯᠡᠵᠦ ᠪᠠᠶᠢᠬᠤ ᠪᠣᠢ︖ᠲᠤᠰ ᠠᠷᠭ᠎ᠠ ᠳᠤ ᠬᠡᠯᠡᠵᠦ ᠪᠠᠶᠢᠭ᠎ᠠ ᠵᠡᠮᠳᠡᠭᠴᠦᠳ ᠢ ᠡᠷᠡᠭᠦᠯᠵᠢᠭᠦᠯᠬᠦ ᠭᠡᠳᠡᠭ ᠨᠢ ᠵᠡᠮᠳᠡᠭ ᠪᠣᠯᠤᠭᠰᠠᠨ ᠤ ᠳᠠᠷᠠᠭ᠎ᠠ ᠠᠨᠠᠭᠠᠬᠤ ᠤᠬᠠᠭᠠᠨ᠂ ᠰᠤᠷᠭᠠᠨ ᠬᠥᠮᠦᠵᠢᠯ᠂ ᠠᠵᠢᠯ ᠮᠡᠷᠭᠡᠵᠢᠯ᠂ ᠨᠡᠶᠢᠭᠡᠮ᠂ ᠰᠡᠳᠬᠢᠴᠡ ᠪᠠ ᠲᠤᠰᠠᠯᠠᠬᠤ ᠪᠠᠭᠠᠵᠢ ᠬᠡᠷᠡᠭᠰᠡᠯ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠵᠡᠮᠳᠡᠭᠴᠦᠳ ᠢ ᠬᠠᠪᠰᠤᠷᠴᠤ ᠬᠦᠴᠦᠨ ᠴᠢᠳᠠᠮᠵᠢ ᠶᠢ ᠨᠢ ᠰᠡᠷᠭᠦᠭᠡᠬᠦ ᠪᠤᠶᠤ ᠨᠥᠬᠦᠪᠥᠷᠢᠯᠡᠵᠤ᠂ ᠬᠦᠴᠦᠨ ᠴᠢᠳᠠᠮᠵᠢ ᠶᠢᠨ ᠲᠠᠯ᠎ᠠ ᠪᠠᠷ ᠬᠢ ᠰᠠᠭᠠᠲᠠᠯ ᠢ ᠨᠢ ᠬᠦᠩᠭᠡᠷᠡᠭᠦᠯᠦᠨ᠂ ᠠᠮᠢᠳᠤᠷᠠᠯ ᠢᠶᠠᠨ ᠥᠪᠡᠰᠦᠪᠡᠨ ᠠᠷᠭᠠᠴᠠᠭᠠᠬᠤ ᠪᠠ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠴᠢᠳᠠᠪᠤᠷᠢ ᠶᠢ ᠨᠢ ᠨᠡᠮᠡᠭᠳᠡᠭᠦᠯᠬᠦ ᠶᠢ ᠵᠢᠭᠠᠵᠤ ᠪᠣᠢ᠃〖 ᠮᠡᠳᠡᠯᠭᠡ ᠶᠢᠨ ᠬᠢᠴᠢᠶᠡᠯ 〗◆ ᠲᠠᠪᠤ᠂ ︽ᠠᠷᠭ᠎ᠠ︾ ᠳᠤ ᠲᠣᠭᠲᠠᠭᠠᠭᠰᠠᠨ ᠢᠶᠠᠷ ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠢ ᠬᠡᠷᠬᠢᠨ ᠰᠠᠶᠢᠲᠤᠷ ᠬᠢᠬᠦ ᠪᠣᠢ︖ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠳᠤ ᠪᠦᠬᠦ ᠬᠥᠮᠦᠰ ᠪᠠ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠬᠤ ᠬᠡᠷᠡᠭᠲᠡᠶ᠃ ᠨᠡᠶᠢᠳᠡᠮ ᠳᠤ ᠨᠢ ᠰᠡᠷᠭᠡᠶᠢᠯᠡᠬᠦ ᠪᠠ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠬᠤ ᠪᠠᠨ ᠪᠠᠷᠢᠮᠲᠠᠯᠠᠵᠤ᠂ ᠬᠠᠷᠢᠴᠠᠭᠤᠯᠵᠤ ᠪᠣᠯᠬᠤ ᠲᠥᠷᠥᠯ ᠤᠨ ᠵᠡᠮᠳᠡᠭ ᠪᠣᠯᠤᠭᠰᠠᠨ ᠨᠣᠷᠮ᠎ᠠ ᠶᠢ ᠠᠳᠠᠯᠢ ᠣᠷᠣᠯᠭ᠎ᠠ ᠲᠠᠢ ᠭᠠᠵᠠᠷ ᠣᠷᠣᠨ ᠳᠤ ᠨᠡᠯᠢᠶᠡᠳ ᠳᠣᠤᠷ᠎ᠠ ᠲᠦᠪᠰᠢᠨ ᠳᠤ ᠪᠠᠶᠢᠯᠭᠠᠬᠤ ᠪᠠᠷ ᠬᠠᠷᠠᠯᠲᠠ ᠪᠣᠯᠭᠠᠵᠤ᠂ ᠨᠡᠶᠢᠭᠡᠮ ᠲᠣᠭᠤᠷᠢᠭ ᠪᠠ ᠭᠡᠷ ᠪᠦᠯᠢ ᠪᠠᠷ ᠰᠠᠭᠤᠷᠢ ᠪᠣᠯᠭᠠᠨ᠂ ᠵᠡᠮᠳᠡᠭ ᠪᠣᠯᠬᠤ ᠶᠢ ᠨᠢᠭᠡᠳᠦᠭᠡᠷ ᠳᠡᠰ ᠤᠨ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠭᠰᠠᠨ ᠭᠤᠷᠪᠠᠳᠤᠭᠠᠷ ᠳᠡᠰ ᠤᠨ ᠰᠡᠷᠭᠡᠶᠢᠯᠡᠬᠦ ᠠᠵᠢᠯ ᠢ ᠥᠷᠨᠢᠭᠦᠯᠵᠦ᠂ ᠵᠡᠮᠳᠡᠭ ᠪᠣᠯᠬᠤ ᠨᠤᠷᠮ᠎ᠠ ᠶᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠶᠢ ᠵᠣᠬᠢᠶᠠᠨ ᠪᠠᠶᠢᠭᠤᠯᠵᠤ ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠢ ᠦᠷᠨᠢᠭᠦᠯᠬᠦ ᠶᠢᠨ ᠠᠭᠤᠯᠭ᠎ᠠ ᠪᠠ ᠱᠠᠭᠠᠷᠳᠠᠯᠭ᠎ᠠ ᠶᠢ ᠨᠢ ᠲᠤᠳᠤᠷᠬᠠᠶᠢᠯᠠᠪᠠ᠃︽ᠠᠷᠭ᠎ᠠ︾ ᠳᠤ ᠡᠭᠦᠨ ᠤ ᠲᠤᠬᠠᠢ 10 ᠵᠦᠢᠯ ᠤᠨ ᠱᠠᠭᠠᠷᠳᠠᠯᠭ᠎ᠠ ᠳᠤᠷᠠᠳᠪᠠ᠄1.ᠡᠷᠡᠮᠳᠡᠭ ᠬᠡᠦᠬᠡᠳ ᠲᠦᠷᠦᠭᠦ ᠪᠠ ᠦᠰᠦᠨ ᠪᠤᠶᠢᠵᠢᠬᠤ ᠶᠢᠨ ᠰᠠᠭᠠᠲᠠᠯ ᠢ ᠪᠠᠭᠠᠰᠬᠠᠬᠤ ᠬᠡᠷᠡᠭᠲᠡᠢ᠃2. ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠳᠠᠷᠤᠬᠤ ᠬᠡᠷᠡᠭᠲᠡᠢ᠃3. ᠤᠵᠢᠭ ᠡᠪᠡᠳᠴᠢᠨ ᠤ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃4. ᠣᠶᠣᠨ ᠮᠡᠳᠡᠷᠡᠯ ᠤᠨ ᠰᠠᠭᠠᠲᠠᠯ ᠤᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃5. ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃6. ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃7. ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃8. ᠤᠤᠭᠤᠬᠤ ᠤᠰᠤ ᠪᠠ ᠠᠭᠠᠷ ᠤᠨ ᠪᠣᠬᠢᠷᠲᠤᠯ ᠢ ᠵᠠᠰᠠᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃9. ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠴᠢᠩᠭᠠᠷᠠᠭᠤᠯᠬᠤ ᠬᠡᠷᠡᠭᠲᠡᠢ᠃10. ᠰᠠᠨᠠᠭᠠᠨ ᠳᠤ ᠦᠭᠡᠢ ᠪᠠᠷ ᠰᠢᠷᠬᠠᠲᠤᠬᠤ ᠶᠢ ᠪᠠᠭᠠᠰᠬᠠᠬᠤ ᠬᠡᠷᠡᠭᠲᠡᠢ᠃◆ ᠵᠢᠷᠭᠤᠭ᠎ᠠ᠂ ︽ᠠᠷᠭ᠎ᠠ︾ ᠳᠤ ᠲᠣᠭᠲᠠᠭᠠᠭᠰᠠᠨ ᠢᠶᠠᠷ ᠡᠷᠡᠭᠦᠯᠵᠢᠭᠦᠯᠬᠦ ᠦᠢᠯᠡᠴᠢᠯᠡᠭᠡ ᠶᠢᠨ ᠠᠵᠢᠯ ᠢ ᠬᠡᠷᠬᠢᠨ ᠰᠠᠶᠢᠲᠤᠷ ᠬᠢᠬᠦ ᠪᠣᠢ︖︽ᠠᠷᠭ᠎ᠠ︾ ᠳᠤ ᠲᠣᠭᠲᠠᠭᠠᠭᠰᠠᠨ ᠢᠶᠠᠷ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠭᠤᠷᠢ ᠠᠴᠠ ᠨᠢ ᠳᠠᠭᠠᠭᠠᠨ ᠪᠠᠲᠤᠯᠠᠬᠤ᠂ ᠨᠢᠭᠲᠠ ᠬᠤᠯᠪᠣᠨ ᠵᠣᠯᠭᠠᠯᠳᠤᠭᠤᠯᠬᠤ᠂ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠵᠣᠬᠢᠰᠲᠠᠶ ᠪᠠᠶᠢᠷᠢᠯᠠᠭᠤᠯᠵᠤ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠪᠠᠷ ᠰᠠᠭᠤᠷᠢ ᠪᠣᠯᠭᠠᠭᠰᠠᠨ᠂ ᠡᠷᠡᠭᠦᠯᠵᠢᠭᠦᠯᠬᠦ ᠪᠠᠶᠢᠭᠤᠯᠤᠮᠵᠢ ᠪᠠᠷ ᠭᠤᠤᠯᠯᠠᠭᠴᠢ ᠪᠣᠯᠭᠠᠭᠰᠠᠨ᠂ ᠵᠡᠮᠳᠡᠭᠴᠦᠳ ᠤᠨ ᠭᠡᠷ ᠪᠦᠯᠢ ᠪᠠᠷ ᠲᠦᠰᠢᠭ ᠪᠣᠯᠭᠠᠭᠰᠠᠨ ᠵᠡᠮᠳᠡᠭᠴᠦᠳ ᠤᠨ ᠡᠷᠡᠭᠦᠯᠵᠢᠭᠦᠯᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠠᠢ ᠬᠡᠷᠡᠭᠯᠡᠭᠡᠨ ᠤ᠂ ᠲᠥᠬᠦᠮ ᠬᠢᠯᠪᠠᠷᠬᠠᠨ᠂ ᠠᠰᠢᠭ ᠶᠡᠬᠡᠲᠡᠢ ᠡᠷᠡᠭᠦᠯᠵᠢᠭᠦᠯᠬᠦ ᠠᠭᠤᠯᠭ᠎ᠠ ᠪᠠᠷ ᠭᠤᠤᠯᠳᠠᠯᠭ᠎ᠠ ᠪᠣᠯᠭᠠᠨ᠂ ᠵᠡᠮᠳᠡᠭᠴᠦᠳ ᠲᠤ ᠶᠡᠷᠦᠩᠬᠡᠶᠢᠯᠡᠭᠰᠡᠨ ᠴᠢᠨᠠᠷᠲᠠᠶ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠬᠡᠷᠡᠭᠲᠡᠢ᠃ ᠵᠡᠮᠳᠡᠭ ᠬᠡᠤᠬᠡᠳ ᠤᠨ ᠡᠷᠡᠭᠦᠯᠵᠢᠭᠦᠯᠬᠦ ᠠᠵᠢᠯ ᠢ ᠤᠷᠢᠳ ᠢᠶᠠᠷ ᠥᠷᠨᠢᠭᠦᠯᠵᠦ᠂ ᠡᠷᠡᠭᠦᠯᠵᠢᠭᠦᠯᠬᠦ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠤᠨ ᠬᠡᠷᠡᠭᠵᠢᠭᠦᠯᠬᠦ ᠬᠡᠷᠡᠭᠲᠡᠢ᠃ ᠡᠷᠡᠭᠦᠯᠵᠢᠭᠦᠯᠬᠦ ᠪᠠᠶᠢᠭᠤᠯᠤᠮᠵᠢ ᠬᠢᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠢᠭᠲᠠ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠰᠢᠯᠵᠢᠭᠦᠯᠦᠨ ᠲᠠᠨᠢᠯᠴᠠᠭᠤᠯᠬᠤ ᠨᠢ ᠰᠢᠭᠤᠳ ᠰᠢᠯᠤᠭᠤᠨ ᠪᠠᠶᠢᠬᠤ ᠲᠣᠭᠲᠠᠴᠠ ᠶᠢ ᠪᠠᠶᠢᠭᠤᠯᠤᠨ᠂ ᠵᠡᠮᠳᠡᠭᠴᠦᠳ ᠤᠨ ᠡᠷᠡᠭᠦᠯᠵᠢᠬᠦ ᠦᠢᠯᠡᠴᠢᠯᠡᠭᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ᠵᠡᠮᠳᠡᠭᠴᠦᠳ ᠤᠨ ᠡᠷᠡᠭᠦᠯᠵᠢᠬᠦ ᠦᠨᠳᠦᠰᠦᠨ ᠦᠢᠯᠡᠴᠢᠯᠡᠭᠡ ᠶᠢ ᠲᠡᠩᠴᠡᠭᠦᠨ ᠪᠣᠯᠭᠠᠬᠤ ᠶᠢ ᠠᠯᠬᠤᠮ ᠠᠯᠬᠤᠮ ᠢᠶᠠᠷ ᠠᠬᠢᠭᠤᠯᠤᠨ᠂ ᠵᠡᠮᠳᠡᠭᠴᠦᠳ ᠤᠨ ᠡᠷᠡᠭᠦᠯᠵᠢᠬᠦ ᠶᠢ ᠨᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃︽ᠠᠷᠭ᠎ᠠ︾ ᠳᠤ ᠡᠭᠦᠨ ᠤ ᠲᠣᠬᠠᠢ 6 ᠵᠦᠢᠯ ᠤᠨ ᠱᠠᠭᠠᠷᠳᠠᠯᠭ᠎ᠠ ᠳᠤᠷᠠᠳᠪᠠ᠄1. ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠷᠡᠭᠦᠯᠵᠢᠭᠦᠯᠬᠦ ᠪᠠᠶᠢᠭᠤᠯᠤᠮᠵᠢ ᠪᠠᠶᠢᠷᠢᠯᠠᠭᠤᠯᠬᠤ ᠲᠥᠯᠥᠪᠵᠢᠭᠦᠯᠭᠡ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠷᠡᠭᠦᠯᠵᠢᠭᠦᠯᠬᠦ ᠪᠠᠶᠢᠭᠤᠯᠤᠮᠵᠢ ᠡᠷᠬᠢᠯᠡᠨ᠂ ᠡᠷᠡᠭᠦᠯᠵᠢᠭᠦᠯᠬᠦ ᠪᠠᠶᠢᠭᠤᠯᠤᠮᠵᠢ ᠪᠠᠶᠢᠷᠢᠯᠠᠭᠤᠯᠬᠤ ᠠᠵᠢᠯ ᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃2. ᠡᠷᠡᠭᠦᠯᠵᠢᠭᠦᠯᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠬᠤ ᠪᠠᠷᠢᠮᠵᠢᠶ᠎ᠠ᠂ ᠦᠢᠯᠡᠴᠢᠯᠡᠬᠦ ᠵᠢᠷᠤᠮᠵᠢᠯ᠂ ᠬᠠᠮᠢᠶᠠᠷᠬᠤ ᠱᠠᠭᠠᠷᠳᠠᠯᠭ᠎ᠠ ᠶᠢ ᠵᠢᠷᠤᠮᠵᠢᠭᠤᠯᠬᠤ ᠬᠡᠷᠡᠭᠲᠡᠢ᠃3. ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠡᠮᠳᠡᠭᠴᠦᠳ ᠤᠨ ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠵᠤ ᠦᠢᠯᠡᠴᠢᠯᠡᠬᠦ ᠠᠵᠢᠯ ᠢ ᠬᠠᠷᠢᠭᠤᠴᠠᠬᠤ ᠬᠡᠷᠡᠭᠲᠡᠢ ᠭᠡᠵᠦ ᠲᠣᠭᠲᠠᠭᠠᠪᠠ᠃4. ᠵᠡᠮᠳᠡᠭᠴᠦᠳ ᠤᠨ ᠡᠷᠡᠭᠦᠯᠵᠢᠬᠦ ᠲᠠᠯ᠎ᠠ ᠪᠠᠷ ᠬᠢ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠩᠭᠠᠨ᠎ᠠ᠃5. ᠵᠡᠮᠳᠡᠭᠴᠦᠳ ᠲᠤ ᠡᠷᠡᠭᠦᠯᠵᠢᠭᠦᠯᠬᠦ ᠦᠢᠯᠡᠴᠢᠯᠡᠭᠡ ᠬᠢᠵᠦ ᠪᠠᠶᠢᠭ᠎ᠠ ᠬᠥᠮᠦᠰ ᠲᠠᠬᠢ ᠱᠠᠭᠠᠷᠳᠠᠯᠭ᠎ᠠ ᠶᠢ ᠬᠠᠩᠭᠠᠨ᠎ᠠ᠃6. ᠡᠷᠡᠭᠦᠯᠵᠢᠭᠦᠯᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃〖 ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ 〗◆ ᠳᠤᠯᠤᠭ᠎ᠠ᠂ ︽ᠠᠷᠭ᠎ᠠ︾ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠤᠳᠤᠷᠬᠠᠶᠢᠯᠠᠭᠰᠠᠨ ᠪᠣᠢ︖︽ᠠᠷᠭ᠎ᠠ︾ ᠳᠤ ᠡᠭᠦᠨ ᠤ ᠲᠣᠬᠠᠢ 9 ᠵᠦᠢᠯ ᠤᠨ ᠠᠷᠭ᠎ᠠ ᠬᠡᠮᠵᠢᠶ᠎ᠡ ᠳᠤᠷᠠᠳᠪᠠ᠄1. ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠡᠶᠢᠭᠡᠮ ᠤᠨ ᠳᠠᠭᠠᠳᠬᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠡᠮᠳᠡᠭᠴᠦᠳ ᠢ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠡᠪᠴᠢᠶᠡᠨ ᠳᠤ ᠣᠷᠤᠭᠤᠯᠬᠤ ᠬᠡᠷᠡᠭᠲᠡᠢ᠃2. ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠠᠵᠢᠯ ᠢ ᠴᠢᠩᠭᠠᠳᠬᠠᠬᠤ ᠬᠡᠷᠡᠭᠲᠡᠢ᠃3. ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠡᠮᠡᠭᠦᠷᠢ ᠥᠭᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃4. ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠤᠨ ᠡᠷᠡᠭᠦᠯᠵᠢᠭᠦᠯᠬᠦ ᠪᠡᠯᠡ ᠮᠦᠩᠭᠦ ᠶᠢ ᠴᠤᠭᠯᠠᠭᠤᠯᠬᠤ ᠪᠠ ᠪᠠᠲᠤᠯᠠᠬᠤ ᠬᠡᠷᠡᠭᠲᠡᠢ᠃5. ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠬᠢᠵᠦ ᠪᠠᠶᠢᠭ᠎ᠠ ᠪᠠᠶᠢᠭᠤᠯᠤᠮᠵᠢ ᠳᠤ ᠭᠠᠶᠢᠯᠢ ᠲᠠᠲᠠᠪᠤᠷᠢ ᠶᠢᠨ ᠬᠤᠯᠪᠣᠭᠳᠠᠯ ᠪᠦᠬᠦᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠬᠦᠷᠲᠡᠭᠡᠬᠦ ᠬᠡᠷᠡᠭᠲᠡᠢ᠃6. ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ᠃7. ᠲᠤᠰᠠᠯᠠᠬᠤ ᠪᠠᠭᠠᠵᠢ ᠬᠡᠷᠡᠭᠰᠡᠯ ᠤᠨ ᠰᠤᠳᠤᠯᠤᠨ ᠨᠡᠭᠡᠭᠡᠬᠦ᠂ ᠳᠡᠯᠭᠡᠷᠡᠭᠦᠯᠬᠦ ᠪᠠ ᠬᠡᠷᠡᠭᠯᠡᠬᠦ ᠶᠢ ᠳᠡᠮᠵᠢᠬᠦ ᠬᠡᠷᠡᠭᠲᠡᠶ᠃8. ᠦᠨᠳᠦᠰᠦᠨ ᠬᠡᠯᠪᠡᠷᠢ ᠪᠦᠬᠦᠢ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠳᠤ ᠨᠡᠮᠡᠭᠦᠷᠢ ᠣᠯᠭᠤᠬᠤ ᠬᠡᠷᠡᠭᠲᠡᠢ᠃9. ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯᠲᠠᠨ ᠤ ᠣᠯᠭᠤᠮᠵᠢ ᠶᠢ ᠪᠠᠲᠤᠯᠠᠬᠤ ᠬᠡᠷᠡᠭᠲᠡᠶ᠃◆ ᠨᠠᠢᠮᠠ᠂ ︽ᠠᠷᠭ᠎ᠠ︾ ᠶᠢ ᠬᠡᠵᠢᠶ᠎ᠡ ᠠᠴᠠ ᠡᠬᠢᠯᠡᠨ ᠬᠡᠷᠡᠭᠵᠢᠭᠦᠯᠬᠦ ᠪᠣᠢ︖︽ᠠᠷᠭ᠎ᠠ︾ ᠶᠢ 2020 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ᠲᠡᠭᠦᠰᠭᠡᠯ ᠤᠨ ᠦᠭᠡᠬᠦᠮᠦᠨ ᠪᠣᠯᠭᠠᠨ ᠳᠤ ᠵᠡᠮᠳᠡᠭ ᠪᠣᠯᠬᠤ ᠲᠥᠭᠰᠢᠭᠦᠷᠢ ᠣᠷᠤᠰᠢᠵᠤ ᠪᠠᠶᠢᠬᠤ ᠪᠣᠯᠬᠤᠷ ᠵᠡᠮᠳᠡᠭ ᠪᠣᠯᠬᠤ ᠠᠴᠠ ᠰᠡᠷᠭᠡᠶᠢᠯᠡᠬᠦ ᠨᠢ ᠬᠤᠪᠢ ᠬᠦᠮᠦᠨ ᠤ ᠡᠷᠡᠭᠦᠯ ᠮᠡᠨᠳᠦ᠂ ᠭᠡᠷ ᠪᠦᠯᠢ ᠶᠢᠨ ᠵᠣᠯ ᠵᠢᠷᠭᠠᠯ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠯᠦᠭᠡ ᠮᠠᠰᠢ ᠨᠢᠭᠲᠠ ᠬᠠᠷᠢᠴᠠᠭ᠎ᠠ ᠬᠤᠯᠪᠣᠭ᠎ᠠ ᠲᠠᠢ ᠶᠤᠮ᠃ ᠮᠠᠨ ᠤ ᠣᠷᠣᠨ ᠬᠦᠮᠦᠨ ᠠᠮᠠ ᠶᠢᠨ ᠨᠠᠰᠤᠵᠢᠯᠲᠠ᠂ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ ᠶᠢᠨ ᠶᠠᠪᠤᠴᠠ ᠳᠤ ᠪᠠᠨ ᠪᠣᠢ᠂ ᠡᠭᠦᠨ ᠳᠤ ᠤᠳᠤᠮᠰᠢᠯ ᠤᠨ ᠴᠢᠨᠠᠷᠲᠠᠢ᠂ ᠲᠦᠷᠦᠯᠬᠢ ᠴᠢᠨᠠᠷᠲᠠᠢ ᠵᠡᠮᠳᠡᠭ ᠪᠣᠯᠬᠤ ᠶᠢ ᠬᠠᠷᠠᠬᠠᠨ ᠪᠦᠲᠦᠮᠵᠢᠲᠡᠢ ᠡᠵᠡᠮᠳᠡᠨ ᠬᠢᠵᠠᠭᠠᠷᠯᠠᠵᠤ ᠴᠢᠳᠠᠭᠠᠳᠤᠢ᠂ ᠤᠵᠢᠭ ᠡᠪᠡᠳᠴᠢᠨ᠂ ᠤᠶᠤᠨ ᠮᠡᠳᠡᠷᠡᠯ ᠤᠨ ᠰᠠᠭᠠᠲᠠᠯ᠂ ᠰᠠᠨᠠᠭᠠᠨ ᠳᠤ ᠦᠭᠡᠢ ᠪᠠᠷ ᠰᠢᠷᠬᠠᠲᠤᠬᠤ ᠵᠡᠷᠭᠡ ᠠᠴᠠ ᠪᠣᠯᠵᠤ ᠵᠡᠮᠳᠡᠭ ᠪᠣᠯᠬᠤ ᠲᠥᠭᠰᠢᠭᠦᠷᠢ ᠮᠦᠨ ᠬᠦ ᠨᠡᠮᠡᠭᠳᠡᠵᠦ ᠪᠠᠶᠢᠭ᠎ᠠ ᠶᠤᠮ᠃ ᠡᠶᠢᠮᠦ ᠠᠴᠠ ᠰᠡᠷᠭᠡᠶᠢᠯᠡᠬᠦ ᠶᠢ ᠴᠢᠩᠭᠠᠳᠬᠠᠬᠤ ᠪᠠᠷ ᠳᠠᠮᠵᠢᠭᠠᠳ ᠵᠡᠮᠳᠡᠭ ᠪᠣᠯᠬᠤ ᠶᠢ ᠪᠠᠭᠠᠰᠬᠠᠵᠤ᠂ ᠡᠷᠡᠭᠦᠯᠵᠢᠭᠦᠯᠬᠦ ᠠᠵᠢᠯ ᠢ ᠰᠠᠶᠢᠲᠤᠷ ᠬᠢᠵᠦ ᠪᠠᠶᠢᠭᠠᠳ ᠵᠡᠮᠳᠡᠭᠴᠦᠳ ᠢ ᠬᠠᠪᠰᠤᠷᠴᠤ ᠬᠦᠴᠦᠨ ᠴᠢᠳᠠᠮᠵᠢ ᠶᠢ ᠨᠢ ᠰᠡᠷᠭᠦᠭᠡᠨ ᠨᠦᠬᠦᠪᠦᠷᠢᠯᠡᠬᠦ ᠨᠢ ᠲᠡᠳᠡᠨᠦᠰ ᠤᠨ ᠦᠪᠡᠷ ᠢ ᠪᠠᠨ ᠬᠥᠭᠵᠢᠭᠦᠯᠬᠦ ᠪᠠ ᠨᠡᠶᠢᠭᠡᠮ ᠳᠤ ᠣᠷᠤᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠠᠰᠢᠭᠲᠠᠢ ᠮᠦᠷᠲᠡᠭᠡᠨ ᠠᠵᠤ ᠠᠬᠤᠢ ᠨᠡᠶᠢᠭᠡᠮ ᠤᠨ ᠪᠠᠶᠢᠭᠤᠯᠤᠯᠲᠠ ᠳᠤ ᠣᠷᠤᠯᠴᠠᠬᠤ ᠢᠲᠡᠭᠡᠯ ᠪᠠ ᠨᠦᠬᠦᠴᠡᠯ ᠢ ᠨᠢ ᠨᠡᠩ ᠭᠦᠢᠴᠡᠳ ᠲᠡᠭᠦᠯᠳᠡᠷ ᠪᠣᠯᠭᠠᠵᠤ᠂ ᠪᠦᠬᠦ ᠣᠷᠣᠨ ᠤ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠵᠤ ᠦᠷ᠎ᠡ ᠪᠦᠲᠦᠮᠵᠢ ᠶᠢ ᠬᠠᠮᠲᠤ ᠳᠤ ᠪᠠᠨ ᠬᠦᠷᠲᠡᠬᠦ ᠪᠣᠯᠭᠠᠨ᠎ᠠ᠃ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠦᠢᠯᠡᠳᠪᠡ

        ᠭᠠᠷ ᠤᠲᠠᠰᠤ ᠪᠠᠷ ᠦᠵᠡᠬᠦ